ᠮᠠᠨ ᠤ ᠬᠤᠲᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ | ᠤᠶᠠᠯᠳᠤᠭᠤᠯᠤᠨ᠂ ᠢᠲᠡᠭᠡᠮᠵᠢ ᠶᠢ ᠦᠨᠡᠯᠡᠬᠦ ᠪᠠ ᠢᠲᠡᠭᠡᠮᠵᠢ ᠶᠢᠨ ᠦᠷ᠎ᠡ ᠳ᠋ᠦᠩ ᠢ ᠶᠡᠷᠦᠩᠬᠡᠶᠢᠯᠡᠨ ᠠᠰᠢᠭᠯᠠᠬᠤ ᠶᠢ ᠨᠢᠭᠡ ᠴᠤᠭᠴᠠᠵᠢᠭᠤᠯᠤᠨ ᠴᠢᠩᠭᠠᠳᠬᠠᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ | ᠪᠠᠷᠢᠮᠵᠢᠶ᠎ᠠ ᠳᠡᠰ ᠲᠣᠭᠲᠠᠭᠠᠵᠤ᠂ ᠦᠨᠡᠯᠡᠯᠲᠡ ᠪᠠᠷ ᠦᠨᠡᠨᠴᠢ ᠢᠲᠡᠭᠡᠮᠵᠢ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠢᠲᠡᠭᠡᠮᠵᠢ ᠶᠢᠨ ᠦᠨᠡᠯᠡᠯᠲᠡ ᠶᠢᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠪᠠ᠃ 2024 ᠣᠨ ᠤ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠢᠲᠡᠭᠡᠮᠵᠢ ᠶᠢ ᠦᠨᠡᠯᠡᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ 714 ᠪᠣᠬᠢᠷᠲᠤᠯ ᠭᠠᠳᠠᠭᠰᠢᠯᠠᠭᠤᠯᠤᠭᠰᠠᠨ ᠨᠢᠭᠡᠴᠡ ᠶᠢᠨ 699 ᠶᠢ ᠨᠢ ᠦᠨᠡᠨᠴᠢ ᠢᠲᠡᠭᠡᠮᠵᠢᠲᠡᠶ ᠨᠢᠭᠡᠴᠡ ︵A ᠳᠡᠰ︶ | ᠪᠠᠷ ᠦᠨᠡᠯᠡᠨ ᠲᠣᠭᠲᠠᠭᠠᠵᠦ᠂ 14 ᠶᠢ ᠨᠢ ᠰᠠᠶᠢᠨ ᠨᠢᠭᠡᠴᠡ ︵B ᠳᠡᠰ︶ ᠢᠶᠠᠷ ᠦᠨᠡᠯᠡᠨ ᠲᠣᠭᠲᠠᠭᠠᠵᠤ᠂ 1 ᠶᠢ ᠨᠢ ᠰᠡᠷᠡᠮᠵᠢᠯᠡᠭᠦᠯᠬᠦ ᠨᠢᠭᠡᠴᠡ ︵C ᠲᠠᠰ︶ ᠢᠶᠠᠷ | ᠦᠨᠡᠯᠡᠨ ᠲᠣᠭᠲᠠᠭᠠᠪᠠ᠃ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠨᠢ ᠠᠵᠤ ᠠᠬᠤᠶᠢᠯᠠᠯ ᠤᠨ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠬᠦᠢᠴᠡᠳᠬᠡᠬᠦ ᠶᠢ | ᠪᠦᠲᠦᠮᠵᠢᠲᠡᠶ ᠱᠠᠯᠠᠪᠳᠠᠭᠤᠯᠵᠤ᠂ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠠᠬᠢᠭᠤᠯᠪᠠ᠃ | ᠬᠡᠷᠡᠭᠯᠡᠬᠦ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠᠷ ᠢᠲᠡᠭᠡᠮᠵᠢ ᠶᠢᠨ ᠲᠠᠰ ᠳᠡᠪᠰᠢᠬᠦ ᠶᠢ ᠠᠬᠢᠭᠤᠯᠪᠠ᠃ ︽ᠬᠤᠶᠠᠷ ᠳᠤᠬᠢᠶᠠᠯᠳᠤᠯ᠂ ᠨᠢᠭᠡ ᠢᠯᠡ | ᠪᠤᠯᠭᠠᠬᠤ︾ ᠬᠢᠨᠠᠯᠲᠠ ᠬᠠᠮᠢᠶᠠᠷᠤᠯᠲᠠ ᠶᠢᠨ ᠲᠠᠪᠴᠠᠩ ᠲᠠᠢ ᠤᠶᠠᠯᠳᠤᠭᠤᠯᠤᠨ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠢᠲᠡᠭᠡᠮᠵᠢ ᠶᠢᠨ | ᠲᠦᠭᠰᠢᠭᠦᠷᠢ ᠶᠢ ᠲᠥᠷᠥᠯ ᠬᠤᠪᠢᠶᠠᠭᠰᠠᠨ ᠦᠷ᠎ᠡ ᠳ᠋ᠦᠩ᠂ ᠠᠮᠢ ᠠᠬᠤᠶ ᠣᠷᠴᠢᠨ ᠲᠣᠭᠤᠷᠢᠨ ᠤ ᠢᠲᠡᠭᠡᠮᠵᠢ ᠶᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠪᠠ ᠤᠷᠮᠠᠰᠢᠭᠤᠯᠬᠤ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠢᠲᠡᠭᠡᠮᠵᠢᠲᠡᠶ ᠶᠢ ᠤᠷᠮᠠᠰᠢᠭᠤᠯᠵᠦ᠂ | ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ︾ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠠ᠃ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠭᠰᠠᠨ | ᠮᠥᠷᠲᠡᠭᠡᠨ ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠣᠷᠴᠢᠨ ᠲᠣᠭᠤᠷᠢᠨ ᠤ ᠬᠠᠤᠯᠢ ᠠᠴᠠ ᠦᠯᠦ ᠵᠥᠷᠢᠴᠡᠭᠰᠡᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠥᠷᠥᠯ ᠤᠨ ᠠᠵᠤ ᠠᠬᠤᠶᠢᠯᠠᠯ ᠢ ᠵᠥᠪ ᠲᠠᠯ᠎ᠠ ᠶᠢᠨ ᠨᠠᠷᠢᠨ ᠲᠠᠩᠰᠠ ᠶᠢᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠲᠤᠬᠠᠶ ᠶᠢᠨ | ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ︔ ᠢᠲᠡᠭᠡᠯ ᠠᠯᠳᠠᠭᠰᠠᠨ ᠨᠢᠭᠡᠴᠡ ᠳᠤ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠯᠢᠳᠡᠭ ᠢ ᠰᠢᠯᠭᠠᠷᠠᠭᠤᠯᠬᠤ ᠵᠢᠴᠢ ᠪᠠᠯᠠ ᠮᠥᠩᠭᠦ ᠶᠢᠨ ᠨᠥᠬᠦᠪᠥᠷᠢ ᠥᠭᠬᠦ ᠵᠡᠷᠭᠡ ᠲᠥᠷᠥ ᠶᠢᠨ | ᠪᠣᠳᠣᠯᠭ᠎ᠠ ᠶᠢᠨ ᠲᠡᠳᠬᠦᠬᠦ ᠬᠢᠷᠢ ᠬᠡᠮ ᠢ ᠨᠢ ᠬᠢᠵᠠᠭᠠᠷᠯᠠᠪᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠴᠢᠮᠡᠭᠡ ᠵᠠᠩᠭᠢ ᠶᠢᠨ ︽ᠠᠷᠪᠠ ᠶᠢ ᠢᠯᠡ | ᠨᠡᠶᠢᠲᠡᠯᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 2025 ᠣᠨ ᠳᠤ ᠨᠢᠭᠡᠨᠲᠡ ᠵᠠᠰᠠᠭ ᠵᠠᠬᠢᠷᠭᠠᠨ ᠤ ᠵᠥᠪᠰᠢᠶᠡᠷᠡᠯ ᠢ 162 ᠵᠦᠢᠯ᠂ ᠵᠠᠰᠠᠭ ᠵᠠᠬᠢᠷᠭᠠᠨ ᠤ | ᠰᠢᠢᠳᠬᠡᠯ ᠢ 22 ᠵᠦᠢᠯ ᠮᠡᠳᠡᠭᠦᠯᠦᠨ ᠬᠦᠷᠭᠡᠪᠡ᠃ |