ᠮᠠᠨ ᠤ ᠬᠤᠲᠠ ᠶᠢᠨ ︽5·1︾ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠭᠦᠷ ᠬᠥᠭᠵᠢᠶᠡᠨ ᠢᠶᠠᠷ ᠪᠢᠯᠬᠠᠵᠤ ᠣᠯᠠᠨ ᠡᠰᠢᠲᠦ ᠠᠭᠤᠰᠤᠯᠴᠠᠯ ᠨᠢ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2025/5/8
   【 5 ᠰᠠᠷ᠎ᠠ ᠶᠢᠨ 6 ᠤ ᠡᠳᠦᠷ ᠤᠨ ︽ᠪᠥᠮᠪᠥᠷᠴᠡᠭ ᠤᠨ ᠴᠠᠭ ᠰᠣᠨᠢᠨ︾ ᠳᠤ ᠨᠡᠶᠢᠲᠡᠯᠡᠭᠰᠡᠨ ︽︿5 ·1﹀ ᠤ ᠬᠡᠷᠡᠭᠯᠡᠭᠡ ᠨᠢ ᠳᠤᠮᠳᠠᠳᠤ ᠤᠯᠤᠰ ᠤᠨ ᠠᠵᠤ ᠠᠬᠤᠢ ᠶᠢᠨ ᠥᠷᠭᠡᠨ ᠳᠡᠯᠭᠡᠷ ᠭᠦᠨᠵᠡᠭᠡᠶᠢᠷᠡᠯ ᠢ ᠲᠤᠰᠬᠠᠵᠤ ᠪᠠᠶᠢᠨ᠎ᠠ︾ ᠬᠡᠮᠡᠬᠦ ᠬᠤᠷᠢᠶᠠᠨ ᠤ ᠰᠢᠭᠦᠮᠵᠢ ᠳᠤ᠂ 5 ᠰᠠᠷ᠎ᠠ ᠶᠢᠨ 1 ᠤ ᠡᠳᠦᠷ ᠠᠴᠠ 4 ᠤ ᠡᠳᠦᠷ ᠪᠤᠯᠲᠠᠯ᠎ᠠ᠂ ᠲᠦᠩᠯᠢᠶᠣᠣ ᠶᠢᠨ ᠬᠤᠨᠤᠭ ᠪᠠᠭᠤᠳᠠᠯ ᠬᠤᠭᠤᠯᠠ ᠤᠮᠳᠠᠭᠠᠨ ᠤ ᠴᠤᠤᠷᠢᠶ᠎ᠠ ᠶᠢᠨ ᠬᠠᠮᠲᠤ ᠶᠢᠨ ᠬᠤᠳᠠᠯᠳᠤᠨ ᠠᠪᠬᠤ ᠵᠠᠬᠢᠶᠠᠯᠠᠭ᠎ᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 169% ᠪᠠᠷ ᠨᠡᠮᠡᠭᠳᠡᠵᠦ᠂ ᠠᠮᠠᠷᠠᠯᠲᠠ ᠶᠢᠨ ᠬᠤᠭᠤᠴᠠᠭᠠᠨ ᠳᠠᠬᠢ ᠤᠯᠠᠮᠵᠢᠯᠠᠯᠲᠤ ᠪᠤᠰᠤ ᠬᠠᠯᠠᠮᠰᠢᠯ ᠬᠤᠲᠠ ᠶᠢᠨ ᠨᠢᠭᠡ ᠳᠤ ᠵᠢᠭᠰᠠᠭᠠᠭᠳᠠᠪᠠ ᠭᠡᠰᠡᠨ ᠪᠠᠶᠢᠨ᠎ᠠ᠃】      ᠡᠨᠡ ᠵᠢᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢᠯᠡ ᠲᠣᠳᠣ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠪᠦᠭᠦ ᠬᠤᠲᠠ ᠪᠠᠷ ᠢᠶᠠᠨ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ ᠨᠡᠶᠢᠲᠡ 143.02 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 19.58% ᠪᠠᠷ ᠨᠡᠮᠡᠭᠳᠡᠪᠡ᠃ ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠶᠡᠷᠦᠩᠬᠡᠢ ᠵᠠᠷᠤᠳᠠᠯ 10.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.31%  ᠪᠠᠷ ᠨᠡᠮᠡᠭᠳᠡᠵᠡᠢ᠃ ᠠᠮᠠᠷᠠᠯᠲᠠ ᠶᠢᠨ ᠡᠳᠦᠷ ᠤᠨ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢ ᠪᠠᠶᠠᠯᠢᠭᠵᠢᠭᠤᠯᠬᠤ ᠶᠢᠨ ᠲᠥᠯᠥᠭᠡ᠂ ᠬᠤᠳᠠ ᠬᠤᠰᠢᠭᠤ ᠬᠤᠶᠠᠷ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠵᠠᠩ ᠦᠢᠯᠡ ᠵᠢᠴᠢ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠵᠠᠭᠤ ᠰᠢᠬᠠᠮ ᠲᠠᠯᠠᠪᠠᠢ ᠨᠠᠷᠢᠨ ᠨᠢᠮᠪᠠᠢ ᠤᠬᠠᠭᠠᠯᠠᠵᠤ᠂ ︽ᠤᠷᠤᠯᠳᠤᠭᠠᠨ ᠤ ᠵᠦᠢᠯ ᠢ ᠣᠷᠣᠭᠤᠯᠬᠤ᠂ ᠰᠣᠶᠣᠯ ᠢ ᠬᠤᠷᠠᠮᠳᠤᠭᠤᠯᠬᠤ᠂ ᠡᠬᠢ ᠪᠠᠶᠠᠯᠢᠭ ᠢᠶᠠᠷ ᠡᠨᠧᠷᠭᠢ ᠣᠯᠭᠤᠬᠤ᠂ ᠰᠥᠨᠢ ᠶᠢᠨ ᠠᠵᠤ ᠠᠬᠤᠢ ᠶᠢ ᠡᠵᠡᠮᠳᠡᠬᠦ︾ ᠵᠡᠷᠭᠡ ᠲᠦᠷᠪᠡᠨ ᠶᠡᠭᠡ ᠭᠤᠣᠯ ᠰᠡᠳᠦᠪ ᠢᠶᠠᠷ ᠳᠠᠮᠵᠢᠭᠤᠯᠵᠤ᠂ ᠵᠤᠭᠠᠴᠠᠭᠰᠠᠳ ᠲᠤ ᠰᠣᠶᠣᠯ ᠵᠢᠭᠤᠯᠴᠢᠯᠠᠯ ᠤᠨ ᠦᠢᠯᠡᠰ ᠤᠨ ᠣᠶᠢᠯᠠᠭᠠᠯᠲᠠ ᠶᠢ ᠪᠤᠢ ᠪᠣᠯᠭᠠᠨ ᠥᠭᠴᠡᠢ᠃      ᠤᠷᠤᠯᠳᠤᠭᠠᠨ ᠨᠢ ᠬᠥᠮᠥᠰ ᠤᠨ ᠠᠩᠬᠠᠷᠤᠯ ᠢ ᠲᠠᠲᠠᠵᠤ ᠮᠥᠩᠭᠦᠨ ᠲᠣᠬᠤᠢ ᠶᠢᠨ ᠭᠠᠭᠴᠠ ᠡᠳᠦᠷ ᠤᠨ ᠵᠤᠭᠠᠴᠠᠭᠰᠠᠳ ᠲᠦᠮᠡ ᠭᠠᠷᠤᠢ ᠲᠤᠭ᠎ᠠ ᠶᠢ ᠳᠠᠪᠠᠪᠠ      ︽ᠪᠢᠳᠡᠨ ᠤ ᠲᠡᠷᠭᠡᠨ ᠠᠩᠭᠢ ᠠᠩᠬ᠎ᠠ ᠤᠳᠠᠭ᠎ᠠ ᠬᠦᠷᠢᠶ᠎ᠡ ᠳᠤ ᠢᠷᠡᠵᠦ᠂ ᠪᠦᠭᠦ ᠤᠯᠤᠰ ᠤᠨ ᠮᠣᠲ᠋ᠣᠷ ᠲᠡᠷᠭᠡᠨ ᠤ ᠬᠡᠭᠡᠷᠡᠯᠡᠨ ᠵᠢᠯᠤᠭᠤᠳᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠪᠠ᠃ ᠡ᠊ᠨᠳᠡᠭᠢ ᠬᠥᠷᠥᠰᠥ ᠰᠢᠷᠣᠢ᠂ ᠣᠷᠴᠢᠨ ᠲᠣᠭᠤᠷᠢᠨ ᠨᠢ ᠴᠥᠮ ᠬᠡᠭᠡᠷ᠎ᠡ ᠶᠢᠨ ᠤᠷᠤᠯᠳᠤᠭᠠᠨ ᠳᠤ ᠮᠠᠰᠢ ᠲᠣᠬᠢᠷᠠᠬᠤ ᠪᠥᠭᠡᠳ ᠲᠠᠯᠠᠪᠤᠷ ᠲᠠᠬᠢ ᠮᠤᠷᠤᠢ ᠵᠠᠮ ᠤᠨ ᠬᠠᠷᠰᠢ ᠰᠠᠭᠠᠳ ᠨᠢ ᠴᠦ ᠮᠠᠰᠢ ᠰᠠᠶᠢᠨ︾ ᠭᠡᠵᠦ ᠯᠦ ᠶᠣᠣ ᠬᠡᠭᠡᠷ᠎ᠡ ᠶᠢᠨ ᠤᠷᠤᠯᠳᠤᠭᠠᠨ ᠤ ᠲᠡᠷᠭᠡᠨ ᠠᠩᠭᠢ ᠶᠢᠨ ᠳᠠᠭᠠᠭᠤᠯᠤᠭᠴᠢ ᠯᠢ ᠶᠦᠩ ᠬᠡᠯᠡᠨ᠎ᠡ᠃      ︽ᠪᠡᠶ᠎ᠡ ᠶᠢᠨ ᠲᠠᠮᠢᠷ + ᠵᠢᠭᠤᠯᠴᠢᠯᠠᠯ︾ ᠤᠨ ᠠᠭᠤᠰᠤᠯᠴᠠᠯ ᠤᠨ ᠬᠡᠪ ᠳᠠᠭᠤᠷᠢᠶᠠᠯ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠨ ᠮᠣᠲ᠋ᠣᠷ ᠲᠡᠷᠭᠡᠨ ᠤ ᠬᠡᠭᠡᠷᠡᠯᠡᠨ ᠵᠢᠯᠤᠭᠤᠳᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠭᠤᠷᠪᠠᠨ ᠵᠢᠯ ᠳᠠᠷᠠᠭᠠᠯᠠᠨ ᠬᠦᠷᠢᠶ᠎ᠡ ᠬᠤᠰᠢᠭᠤᠨ ᠤ ᠮᠥᠩᠭᠦᠨ ᠲᠣᠬᠤᠢ ᠦᠵᠡᠮᠵᠢ ᠶᠢᠨ ᠣᠷᠣᠨ ᠳᠤ ᠠᠩᠬᠠᠨ ᠤ ᠦᠷᠳᠡᠭᠡ ᠶᠢᠨ ᠤᠷᠤᠯᠳᠤᠭᠠᠨ ᠶᠠᠪᠤᠭᠳᠠᠭᠤᠯᠪᠠ᠃ ᠤᠷᠤᠯᠳᠤᠭᠠᠨ ᠨᠢ ᠲᠥᠪ ᠲᠧᠯᠸᠢᠰ᠂ ᠰᠢᠨᠬᠤᠸᠠ ᠰᠦᠯᠵᠢᠶ᠎ᠡ᠂ ᠪᠧᠨᠲ᠋ᠧᠩ ᠬᠠᠮ ᠵᠠᠭᠤᠴᠢᠯᠠᠭᠤᠷ ᠵᠡᠷᠭᠡ ᠵᠠᠭᠤᠴᠢᠯᠠᠭᠤᠷ ᠤᠨ ᠪᠦᠭᠦ ᠶᠠᠪᠤᠴᠠ ᠳᠤ ᠮᠡᠳᠡᠭᠡᠯᠡᠬᠦ ᠶᠢ ᠲᠠᠲᠠᠭᠰᠠᠨ ᠪᠥᠭᠡᠳ ︽ᠤᠷᠤᠯᠳᠤᠭᠠᠨ ᠢ ᠲᠠᠭᠠᠵᠦ ᠵᠤᠭᠠᠴᠠᠬᠤ︾ ᠠᠵᠢᠯᠯᠠᠭ᠎ᠠ ᠰᠦᠷ ᠬᠦᠴᠦᠨ ᠲᠠᠢ ᠶᠠᠪᠤᠭᠳᠠᠵᠠᠢ᠃ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠮᠥᠩᠭᠦᠨ ᠲᠣᠬᠤᠢ ᠵᠢᠭᠤᠯᠴᠢᠯᠠᠯ ᠤᠨ ᠣᠷᠣᠨ ᠤ ᠬᠢᠨ ᠨᠢᠭᠡ ᠡᠳᠦᠷ ᠲᠤ 2 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠬᠡᠷᠡᠭᠯᠡᠭᠡ ᠶᠢ 2000 ᠲᠦᠮᠡᠨ ᠲᠥᠭᠦᠷᠢᠭ ᠳᠠᠶᠢᠴᠢᠯᠠᠭᠰᠠᠨ ᠪᠠᠶᠢᠨ᠎ᠠ᠃      ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠵᠢᠪᠭᠦ ᠮᠠᠶ᠋ᠢᠭ ᠤᠨ ᠪᠡᠶᠡᠴᠢ ᠣᠶᠢᠯᠠᠭᠠᠯᠲᠠ ᠶᠢᠨ ᠬᠠᠯᠠᠭᠤᠨ ᠥᠷᠨᠢᠯᠲᠡ ᠶᠢ ᠪᠦᠷᠢᠯᠳᠦᠭᠦᠯᠪᠡ      ᠪᠦᠭᠦ ᠬᠤᠲᠠ ᠶᠢᠨ ᠤᠯᠠᠷᠢᠯ ᠤᠨ ᠴᠢᠨᠠᠷᠲᠠᠢ 9 ᠦᠵᠡᠮᠵᠢ ᠶᠢᠨ ᠣᠷᠣᠨ ᠢ ︽5·1︾ ᠠᠴᠠ ᠡᠮᠦᠨ᠎ᠡ ᠲᠥᠪᠯᠡᠷᠡᠭᠦᠯᠦᠨ ᠨᠡᠭᠡᠭᠡᠵᠦ᠂ ᠣᠯᠠᠨ ᠡᠰᠢᠲᠦ ᠬᠡᠷᠡᠭᠯᠡᠭᠡᠨ ᠤ ᠪᠠᠶᠢᠳᠠᠯ ᠢ ᠪᠤᠶ ᠪᠣᠯᠭᠠᠪᠠ᠃ ᠶᠡᠭᠡ ᠴᠦᠩᠬᠦᠯ ᠤᠨ ᠭᠤᠤ᠂ ᠲᠠᠬᠢᠮᠳᠠᠭᠤ ᠠᠮᠤᠷᠯᠢᠩᠭᠤᠢ ᠭᠡᠭᠡᠨ ᠰᠦᠳᠤ ᠬᠤᠸᠠᠩᠬᠡᠦ ᠶᠢᠨ ᠬᠦᠷᠢᠶᠡᠯᠡᠩ ᠵᠡᠷᠭᠡ ᠤᠯᠠᠨ ᠦᠵᠡᠮᠵᠢ ᠶᠢᠨ ᠣᠷᠣᠨ ᠤ ᠬᠢᠨ ᠰᠦᠯᠵᠢᠶ᠎ᠡ ᠪᠠᠷ ᠰᠢᠭᠤᠳ ᠨᠠᠪᠲᠠᠷᠡᠭᠦᠯᠵᠦ᠂ ᠲᠣᠭᠤᠷᠢᠨ ᠦᠵᠡᠵᠦ ᠪᠢᠯᠧᠲ ᠬᠤᠳᠠᠯᠳᠤᠬᠤ ᠪᠠᠷ ᠳᠠᠮᠵᠢᠭᠤᠯᠵᠤ᠂ ᠣᠶᠤᠨᠴᠢ ᠵᠢᠭᠤᠯᠴᠢᠯᠠᠯ ᠤᠨ ᠰᠢᠨ᠎ᠡ ᠵᠠᠭᠪᠤᠷ ᠢ ᠡᠬᠢᠯᠡᠭᠦᠯᠵᠡᠢ᠃ ᠶᠡᠭᠡ ᠴᠦᠩᠬᠦᠯ ᠤᠨ ᠭᠤᠤ ᠵᠢᠭᠤᠯᠴᠢᠯᠠᠯ ᠤᠨ ᠣᠷᠣᠨ ᠤ ᠡᠳᠦᠷ ᠳᠤᠮᠳᠠᠴᠢ ᠶᠢᠨ ᠭᠥᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ ᠲᠦᠮᠡᠨ ᠬᠥᠮᠥᠨ ᠤᠳᠠᠭ᠎ᠠ ᠶᠢ ᠳᠠᠪᠠᠵᠤ᠂ ᠪᠠᠯᠠᠷ ᠤᠢ ᠪᠠᠷ ᠶᠠᠪᠠᠭᠠᠨ ᠶᠠᠪᠤᠬᠤ᠂ ᠠᠷᠠᠰᠤᠨ ᠵᠠᠪᠢ ᠪᠠᠷ ᠭᠦᠪᠭᠦ᠂ ᠬᠡᠭᠡᠷ᠎ᠡ ᠪᠠᠭᠤᠳᠠᠯᠯᠠᠬᠤ᠂ ᠲᠦᠳᠡᠭ ᠭᠠᠯ ᠤᠨ ᠰᠥᠨᠢ ᠶᠢᠨ ᠲᠣᠬᠯᠠᠯᠲᠠ ᠵᠡᠷᠭᠡ ᠲᠦᠷᠦᠯ ᠵᠦᠢᠯ ᠬᠥᠮᠥᠰ ᠤᠨ ᠠᠩᠬᠠᠷᠤᠯ ᠢ ᠶᠡᠬᠡᠳᠡ ᠲᠠᠲᠠᠪᠠ᠃ ᠲᠠᠬᠢᠮᠳᠠᠭᠤ ᠠᠮᠤᠷᠯᠢᠩᠭᠤᠢ ᠭᠡᠭᠡᠨ ᠰᠦᠳᠤ ᠬᠤᠸᠠᠩᠬᠡᠦ ᠶᠢᠨ ᠬᠦᠷᠢᠶᠡᠯᠡᠩ ᠤᠨ ᠵᠢᠭᠤᠯᠴᠢᠯᠠᠯ ᠤᠨ ᠣᠷᠣᠨ ᠤ ᠬᠢᠨ ᠰᠣᠳᠣᠨ ᠲᠣᠬᠯᠠᠯᠲᠠ ᠶᠢᠨ ᠤᠷᠠᠯᠢᠭ ᠦᠵᠡᠮᠵᠢ ᠶᠢᠨ ᠣᠷᠣᠨ ᠳᠤ ᠣᠷᠣᠬᠤ ᠠᠵᠢᠯᠯᠠᠭ᠎ᠠ ᠲᠠᠢ ᠤᠶᠠᠯᠳᠤᠭᠤᠯᠤᠨ᠂ ᠵᠢᠪᠭᠦ ᠮᠠᠶ᠋ᠢᠭ ᠤᠨ ᠲᠡᠦᠬᠡ ᠰᠣᠶᠣᠯ ᠤᠨ ᠦᠵᠡᠭᠦᠯᠭᠡ ᠶᠢᠨ ᠲᠣᠬᠯᠠᠯᠲᠠ ᠭᠠᠷᠭᠠᠵᠤ᠂ ᠵᠤᠭᠠᠴᠠᠭᠰᠠᠳ ᠢ ᠭᠥᠯᠢᠶᠡᠨ ᠠᠪᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 45% ᠪᠠᠷ ᠨᠡᠮᠡᠭᠳᠡᠵᠡᠢ᠃ ᠪᠣᠭᠲᠣ ᠳᠠᠬᠢ ᠡᠯᠡᠰᠦ ᠮᠠᠩᠬᠠᠨ ᠤ ᠵᠢᠭᠤᠯᠴᠢᠯᠠᠯ ᠤᠨ ᠣᠷᠣᠨ ᠳᠤ ︽ᠬᠡᠭᠡᠷ᠎ᠡ ᠪᠠᠭᠤᠳᠠᠯᠯᠠᠬᠤ ᠶᠡᠭᠡ ᠴᠤᠭᠯᠠᠭᠠᠨ︾ ᠢ ᠡᠷᠭᠢᠯᠡᠵᠦ᠂ ᠣᠭᠲᠠᠷᠭᠤᠢ ᠶᠢᠨ ᠠᠵᠢᠭᠯᠠᠯᠲᠠ᠂ ᠲᠦᠳᠡᠭ ᠭᠠᠯ ᠤᠨ ᠦᠳᠡᠰᠢᠯᠡᠭᠡ᠂ ᠡᠯᠡᠰᠦᠨ ᠴᠦᠯ ᠤᠨ ᠺᠢᠨᠣ᠋ ᠵᠡᠷᠭᠡ ᠠᠵᠢᠯᠯᠠᠭ᠎ᠠ ᠨᠢ ᠮᠠᠰᠢ ᠤᠯᠠᠨ ᠣᠶᠤᠲᠠᠨ ᠤ ᠪᠦᠯᠭᠦᠮ᠂ ᠭᠡᠷ ᠤᠨ ᠭᠠᠳᠠᠨᠠᠬᠢ ᠺᠯᠦ᠋ᠪ ᠵᠢᠴᠢ ᠵᠠᠯᠠᠭᠤᠴᠤᠳ ᠤᠨ ᠭᠡᠷ ᠪᠦᠯᠢ ᠶᠢᠨ ᠠᠩᠬᠠᠷᠤᠯ ᠢ ᠲᠠᠲᠠᠵᠤ᠂ ᠡᠵᠡᠯᠡᠬᠦ ᠬᠠᠷᠢᠴᠠᠯ ᠨᠢ 70% ᠶᠢ ᠳᠠᠪᠠᠭᠰᠠᠨ ᠪᠠᠶᠢᠨ᠎ᠠ᠃  ᠰᠣᠶᠣᠯ ᠢᠶᠠᠷ ᠴᠢᠳᠠᠪᠬᠢ ᠣᠯᠭᠤᠨ ᠰᠢᠨ᠎ᠡ ᠰᠠᠨᠠᠭ᠎ᠠ ᠠᠬᠤᠢ ᠶᠢ ᠠᠬᠢᠭᠤᠯᠵᠤ ᠣᠨᠴᠠᠯᠢᠭᠲᠤ ᠵᠠᠬ᠎ᠠ ᠳᠡᠯᠭᠡᠭᠦᠷ ᠤᠨ ᠴᠤᠭᠯᠠᠭᠠᠨ ᠨᠢ ᠰᠢᠨ᠎ᠡ ᠬᠡᠪ ᠵᠠᠩᠰᠢᠯ ᠢ ᠪᠦᠷᠢᠯᠳᠦᠭᠦᠯᠪᠡ      ᠬᠤᠲᠠ ᠶᠢᠨ ᠰᠣᠶᠣᠯ ᠤᠨ ᠦᠵᠡᠰᠭᠦᠯᠡᠩ ᠤᠨ ᠬᠦᠷᠢᠶᠡᠯᠡᠩ᠂ ᠬᠠᠮᠪᠤ ᠶᠢᠨ ᠪᠠᠭᠤᠷᠢ ᠶᠢᠨ ᠮᠦᠽᠧᠢ᠂ ᠡᠮᠦᠨ᠎ᠡ ᠪᠤᠯᠠᠬᠳᠤ ᠶᠢᠨ ᠪᠠᠭᠤᠷᠢ ᠶᠢᠨ ᠮᠦᠽᠧᠢ ᠵᠡᠷᠭᠡ ᠰᠣᠶᠣᠯ ᠤᠨ ᠲᠠᠯᠠᠪᠠᠶ ᠣᠷᠳᠣᠨ ᠨᠤᠭᠤᠳ ᠲᠤᠰᠬᠠᠢ ᠰᠡᠳᠦᠪᠲᠦ ᠦᠵᠡᠭᠦᠯᠭᠡ ᠪᠠ ᠣᠶᠢᠯᠠᠭᠠᠯᠴᠠᠭ᠎ᠠ ᠪᠠᠷ ᠳᠡᠮᠵᠢᠨ᠂ ᠭᠡᠷ ᠪᠦᠯᠢ ᠶᠢᠨ ᠵᠢᠭᠤᠯᠴᠢᠯᠠᠯ ᠤᠨ ᠵᠠᠪᠠᠯ ᠣᠴᠢᠬᠤ ᠭᠠᠵᠠᠷ ᠪᠣᠯᠵᠤ᠂ ᠲᠣᠭᠤᠷᠢᠨ ᠦᠵᠡᠭᠰᠡᠨ ᠬᠥᠮᠥᠨ ᠤ ᠲᠤᠭ᠎ᠠ ᠨᠢ ᠡᠩ ᠤᠨ ᠡᠳᠦᠷ ᠤᠨ ᠬᠢ ᠠᠴᠠ ᠳᠠᠭᠢᠨ ᠢᠶᠠᠷ ᠨᠡᠮᠡᠭᠳᠡᠵᠡᠢ᠃ ᠡᠯ᠎ᠡ ᠰᠣᠶᠣᠯ ᠤᠨ ᠲᠠᠯᠠᠪᠤᠷ ᠣᠷᠳᠣᠨ ᠨᠤᠭᠤᠳ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠣᠨᠴᠠᠯᠢᠭ ᠲᠠᠢ ᠤᠶᠠᠯᠳᠤᠭᠤᠯᠤᠨ᠂ ︽5·1︾ ᠤ ᠬᠥᠳᠡᠯᠮᠦᠷᠢᠴᠢᠳ ᠤᠨ ᠪᠠᠶᠠᠷ᠂ ︽5·4︾ ᠤ ᠵᠠᠯᠠᠭᠤᠴᠤᠳ ᠤᠨ ᠪᠠᠶᠠᠷ ᠤᠨ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠪᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠬᠯᠠᠯᠲᠠ᠂ ᠠᠷᠠᠳ ᠤᠨ ᠵᠠᠩ ᠦᠶᠯᠡ ᠶᠢᠨ ᠵᠠᠬ᠎ᠠ ᠳᠡᠯᠭᠡᠭᠦᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠤᠯᠠᠮᠵᠢᠯᠠᠯᠲᠤ ᠰᠣᠶᠣᠯ ᠢ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠪᠣᠯᠭᠠᠨ ᠬᠤᠪᠢᠷᠠᠭᠤᠯᠬᠤ ᠶᠢ ᠠᠬᠢᠭᠤᠯᠤᠭᠰᠠᠨ ᠪᠠᠶᠢᠨ᠎ᠠ᠃      ᠰᠥᠨᠢ ᠶᠢᠨ ᠠᠵᠤ ᠠᠬᠤᠢ ᠬᠥᠳᠡᠯᠭᠡᠭᠴᠢ ᠬᠦᠴᠦᠨ ᠨᠡᠮᠡᠷᠢᠯᠡᠵᠦ ᠬᠡᠷᠡᠭᠯᠡᠭᠡᠨ ᠤ ᠰᠢᠨ᠎ᠡ ᠬᠥᠳᠡᠯᠭᠡᠭᠦᠷ ᠢ ᠴᠣᠭᠴᠠᠯᠠᠪᠠ      ᠲᠥᠪ ᠬᠤᠲᠠ ᠲᠣᠭᠤᠷᠢᠭ ᠤᠨ ᠶᠤᠸᠠᠢ ᠯᠠᠢ ᠾᠧ ᠰᠣᠶᠣᠯ ᠵᠢᠭᠤᠯᠴᠢᠯᠠᠯ ᠤᠨ ᠰᠡᠯᠡᠭᠦᠴᠡᠯ ᠤᠨ ᠵᠡᠭᠡᠯᠢ ᠨᠢ ᠰᠥᠨᠢ ᠶᠢᠨ ᠬᠡᠷᠡᠭᠯᠡᠭᠡᠨ ᠤ ᠰᠢᠨ᠎ᠡ ᠬᠥᠳᠡᠯᠭᠡᠭᠦᠷ ᠪᠣᠯᠵᠤ᠂ ᠳ᠋ᠧᠩ ᠤᠨ ᠭᠡᠷᠡᠯ ᠤᠨ ᠦᠵᠡᠰᠭᠦᠯᠡᠩ᠂ ᠠᠮᠲᠠᠲᠤ ᠢᠳᠡᠭᠡᠨ ᠤ ᠰᠥᠨᠢ ᠶᠢᠨ ᠵᠠᠬ᠎ᠠ ᠳᠡᠯᠭᠡᠭᠦᠷ᠂ ᠰᠣᠶᠣᠯ ᠤᠨ ᠡᠭᠦᠳᠦᠯᠲᠡ ᠶᠢᠨ ᠵᠠᠬ᠎ᠠ ᠳᠡᠯᠭᠡᠭᠦᠷ ᠵᠡᠷᠭᠡ ᠤᠯᠠᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠠᠭᠤᠰᠤᠯᠴᠠᠭᠤᠯᠵᠤ᠂ ︽ᠬᠠᠪᠤᠷ ᠤᠨ ᠡᠳᠦᠷ·ᠶᠤᠸᠠᠢ ᠯᠠᠢ ᠾᠧ ᠭᠤᠣᠯ ᠤᠨ ᠭᠦᠪᠡᠭᠡ ᠪᠠᠷ ᠵᠤᠭᠠᠴᠠᠨ ᠴᠡᠩᠭᠡᠯᠳᠦᠬᠦ︾ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠵᠦ᠂ ᠠᠷᠠᠳ ᠤᠨ ᠵᠠᠩ ᠦᠢᠯᠡ ᠶᠢᠨ ᠲᠣᠬᠯᠠᠯᠲᠠ᠂ ᠳᠠᠭᠤᠤ ᠬᠥᠭᠵᠢᠮ ᠤᠨ ᠴᠤᠭᠯᠠᠭ᠎ᠠ ᠵᠡᠷᠭᠡ 20 ᠭᠠᠷᠤᠢ ᠲᠠᠯᠠᠪᠠᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠨᠢ ᠡᠳᠦᠷ ᠪᠦᠷᠢ 3 ᠲᠦᠮᠡᠨ ᠬᠥᠮᠥᠨ ᠤᠳᠠᠭ᠎ᠠ ᠶᠢ ᠲᠠᠲᠠᠪᠠ᠃ ᠪᠦᠭᠦ ᠴᠠᠭ ᠤᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ᠂ ︽ᠵᠢᠵᠢᠭ ᠮᠥᠷᠲᠡᠭᠡᠨ ᠭᠤᠶᠣ︾ ᠬᠡᠷᠡᠭᠯᠡᠭᠡᠨ ᠤ ᠲᠠᠯᠠᠪᠤᠷ ᠢ ᠪᠣᠶᠢᠵᠢᠭᠤᠯᠵᠤ᠂ ᠣᠷᠣᠨ ᠪᠦᠰᠡ ᠶᠢᠨ ᠴᠢᠨᠠᠷᠲᠠᠢ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪ ᠬᠤᠲᠠ ᠶᠢ ᠪᠠᠶᠢᠭᠤᠯᠬᠤ ᠳᠤ ᠰᠢᠨ᠎ᠡ ᠠᠷᠭ᠎ᠠ ᠵᠠᠮ ᠬᠠᠩᠭᠠᠪᠠ᠃ ᠲᠦᠮᠡᠨ ᠳᠠᠭᠤᠤ ᠶᠢᠨ ᠵᠠᠩ ᠦᠢᠯᠡ ᠶᠢᠨ ᠬᠦᠷᠢᠶᠡᠯᠡᠩ ᠤᠨ ︽ᠮᠢᠩᠭᠠᠨ ᠳ᠋ᠧᠩ ᠤᠨ ᠰᠥᠨᠢ︾ ᠶᠢᠨ ᠠᠵᠢᠯᠯᠠᠭ᠎ᠠ ᠳᠤ᠂ ᠮᠢᠩᠭᠠᠨ ᠬᠡᠷᠡᠯᠳᠦ ᠳ᠋ᠧᠩ ᠰᠥᠨᠢ ᠶᠢᠨ ᠣᠭᠲᠠᠷᠭᠤᠢ ᠶᠢ ᠭᠡᠷᠡᠯᠲᠦᠭᠦᠯᠵᠦ᠂ ᠭᠡᠷᠡᠯ ᠰᠡᠭᠦᠳᠡᠷ ᠰᠦᠯᠵᠢᠯᠳᠦᠭᠰᠡᠨ ᠵᠡᠭᠦᠳᠦ ᠵᠡᠷᠭᠡᠯᠭᠡᠨ ᠬᠠᠷᠠᠭᠠᠨ ᠰᠡᠷᠡᠯ ᠤᠨ ᠦᠪᠡᠳᠡᠭᠰᠢ ᠳᠠᠶᠢᠯᠠᠯᠭ᠎ᠠ ᠪᠣᠯᠪᠠ᠃ ᠲᠣᠰ ᠠᠵᠢᠯᠯᠠᠭ᠎ᠠ ᠨᠢ 5 ᠰᠠᠷ᠎ᠠ ᠠᠴᠠ 8 ᠰᠠᠷ᠎ᠠ ᠪᠤᠯᠲᠠᠯ᠎ᠠ ᠦᠷᠭᠦᠯᠵᠢᠯᠡᠵᠦ᠂ ᠬᠤᠲᠠ ᠶᠢᠨ ᠳᠣᠲᠣᠨ᠎ᠠ ᠭᠠᠳᠠᠨᠠᠬᠢ ᠵᠤᠭᠠᠴᠠᠭᠰᠠᠳ ᠳ᠋ᠧᠩ ᠤᠨ ᠭᠡᠷᠡᠯ ᠤᠨ ᠦᠵᠡᠭᠦᠯᠭᠡ᠂ ᠬᠤᠸᠠᠷ ᠫᠤᠤᠵᠢᠩ ᠤᠨ ᠦᠵᠡᠭᠦᠯᠭᠡ᠂ ᠲᠦᠳᠡᠭ ᠭᠠᠯ ᠤᠨ ᠦᠳᠡᠰᠢᠯᠡᠭᠡ ᠪᠠ ᠲᠣᠮᠣ ᠭᠡᠯᠪᠡᠷᠢ ᠶᠢᠨ ᠤᠷᠠᠨ ᠰᠠᠶᠢᠬᠠᠨ ᠤ ᠲᠣᠬᠯᠠᠯᠲᠠ ᠶᠢ ᠰᠣᠨᠢᠷᠬᠠᠬᠤ ᠶᠢᠨ ᠬᠠᠮᠲᠤ ᠪᠠᠰᠠ ᠡᠯ᠎ᠡ ᠭᠠᠵᠠᠷ ᠤᠨ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢ ᠠᠮᠲᠠᠯᠠᠵᠤ᠂ ᠥᠪᠡᠷᠮᠢᠴᠡ ᠣᠨᠴᠠᠯᠢᠭ ᠲᠠᠢ ᠵᠠᠩ ᠦᠶᠯᠡ ᠶᠢ ᠰᠣᠨᠢᠷᠬᠠᠵᠤ ᠪᠣᠯᠣᠨ᠎ᠠ᠃      ᠠᠶᠤᠯᠭᠦᠢ ᠬᠢᠨᠠᠨ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠪᠠᠶᠢᠭᠤᠯᠵᠤ ᠪᠦᠭᠦ ᠡᠳᠦᠷ ᠢᠶᠠᠷ ᠠᠮᠤᠷ ᠠᠮᠤᠭᠤᠯᠠᠩ ᠢ ᠰᠠᠬᠢᠨ ᠬᠠᠮᠠᠭᠠᠯᠠᠪᠠ      ᠪᠠᠶᠠᠷ ᠤᠨ ᠡᠳᠦᠷ ᠤᠨ ᠬᠤᠭᠤᠴᠠᠭᠠᠨ ᠳᠤ᠂ ᠬᠤᠲᠠ ᠬᠤᠰᠢᠭᠤ ᠬᠤᠶᠠᠷ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ ᠬᠠᠤᠯᠢ ᠬᠡᠷᠡᠭᠵᠢᠭᠦᠯᠬᠦ ᠠᠵᠢᠯᠲᠠᠨ ᠢ 1125 ᠬᠥᠮᠥᠨ ᠤᠳᠠᠭ᠎ᠠ ᠬᠥᠳᠡᠯᠭᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠦᠵᠡᠮᠵᠢ ᠶᠢᠨ ᠣᠷᠣᠨ᠂ ᠠᠶᠤᠯ ᠲᠦᠭᠰᠢᠭᠦᠷᠢ ᠶᠡᠬᠡᠲᠡᠢ ᠲᠥᠷᠥᠯ ᠵᠦᠢᠯ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠵᠦ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ 748 ᠨᠢᠭᠡᠴᠢ ᠶᠢ ᠪᠠᠶᠢᠴᠠᠭᠠᠵᠤ᠂ ᠡᠩ ᠤᠨ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ 101 ᠢᠯᠡᠷᠡᠭᠦᠯᠵᠦ᠂ ᠣᠲᠣ ᠨᠢᠭᠡᠨᠲᠡ ᠪᠦᠭᠦᠨ ᠢ ᠴᠡᠭᠴᠡᠯᠡᠨ ᠵᠠᠰᠠᠵᠤ ᠳᠠᠭᠤᠰᠬᠠᠪᠠ᠃ ᠡᠭᠦᠨ ᠤ ᠬᠠᠮᠲᠤ᠂ ᠡᠯ᠎ᠡ ᠦᠵᠡᠮᠵᠢ ᠶᠢᠨ ᠣᠷᠣᠨ ︵ᠴᠡᠭ︶ ᠢ ᠠᠮᠠᠷᠠᠯᠲᠠ ᠶᠢᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠤᠭᠠᠴᠠᠭᠰᠠᠳ ᠤᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ