ᠨᠡᠭᠡᠭᠡᠯᠲᠡ ᠶᠢᠨ ᠲᠣᠭᠤᠷᠢᠭ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠢ ᠬᠦᠴᠦᠯᠡᠨ ᠲᠡᠮᠵᠢᠵᠦ ᠬᠦᠴᠢᠷᠳᠡᠯ ᠢ ᠨᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/5/8
      ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠤᠯᠲᠠ ᠶᠢ ᠵᠣᠬᠢᠴᠠᠭᠤᠯᠬᠤ ᠠᠵᠢᠯ ᠢ ᠳᠡᠮᠵᠢᠬᠦ ᠲᠣᠭᠲᠠᠴᠠ ᠶᠢ ᠡᠬᠢᠯᠡᠭᠦᠯᠦᠭᠰᠡᠨ ᠠᠴᠠ ᠨᠠᠭᠠᠰᠢ᠂ ᠲᠦᠩᠯᠢᠶᠣᠣ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠨ ᠬᠦᠴᠦᠯᠡᠵᠦ᠂ ᠨᠢᠭᠡ ᠲᠠᠯ᠎ᠠ ᠪᠠᠷ ᠠᠵᠤ ᠠᠬᠤᠶᠢᠯᠠᠯ ᠢ ᠬᠥᠲᠥᠯᠵᠦ᠂ ᠨᠢᠭᠡ ᠲᠠᠯ᠎ᠠ ᠪᠠᠷ ᠪᠠᠩᠬᠢ ᠶᠢ ᠬᠥᠲᠥᠯᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠠᠶᠢᠳᠠᠯ ᠢ ᠣᠶᠢᠯᠠᠭᠠᠵᠤ ᠲᠣᠭᠤᠷᠢᠨ ᠰᠤᠷᠪᠤᠯᠵᠢᠯᠠᠬᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠬᠠᠶᠢᠨ ᠰᠦᠪᠡᠭᠴᠢᠯᠡᠵᠦ᠂ ᠳᠦᠷᠢᠮ ᠤᠨ ᠵᠢᠷᠤᠭ ᠲᠥᠯᠥᠪᠯᠡᠭᠡ᠂ ᠨᠠᠷᠢᠨ ᠲᠠᠩᠰᠠ ᠶᠢᠨ ᠬᠠᠮᠢᠶᠠᠷᠤᠯᠲᠠ᠂ ᠵᠢᠭᠡᠯᠡᠯᠭᠡ ᠲᠠᠷᠬᠠᠭᠠᠯᠲᠠ ᠵᠡᠷᠭᠡ ᠲᠠᠯ᠎ᠠ ᠪᠠᠷ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠮᠥᠩᠭᠦᠨ ᠭᠦᠢᠯᠭᠡᠭᠡᠨ ᠤ ᠬᠦᠴᠦᠨ ᠢ ᠨᠡᠮᠡᠷᠢᠯᠡᠵᠦ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃      ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠲᠦᠩᠯᠢᠶᠣᠣ ᠶᠢᠨ ᠾᠦᠢ ᠬᠠᠢ ᠰᠠᠯᠪᠤᠷᠢ ᠪᠠᠩᠬᠢ ᠳᠤ᠂ ᠥᠪᠥᠷ ᠮᠣᠩᠭᠤᠯ ᠤᠨ ᠪᠠᠷᠠᠭᠤᠨ ᠯᠢᠶᠣᠤ ᠾᠧ ᠭᠤᠣᠯ ᠤᠨ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠶᠢᠨ ᠡᠳ᠋ ᠤᠨ ᠶᠠᠪᠤᠳᠠᠯ ᠤᠨ ᠲᠤᠰᠬᠠᠢ ᠲᠤᠰᠢᠶᠠᠯᠲᠠᠨ ᠶᠠᠭ ᠰᠠᠶ᠋ᠢᠬᠠᠨ ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠯ᠎ᠠ᠃ ᠤᠤᠯ ᠳᠠᠭᠠᠨ ᠬᠡᠷᠡᠭᠯᠡᠭᠴᠢᠳ ᠵᠢᠭᠡᠯᠡᠯᠭᠡ ᠶᠢᠨ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ ᠵᠢᠭᠡᠯᠡᠯᠭᠡ ᠣᠯᠳᠠᠯ᠎ᠠ 20 ᠭᠠᠷᠤᠢ ᠡᠳᠦᠷ ᠬᠡᠷᠡᠭᠰᠡᠳᠡᠭ ᠪᠠᠶᠢᠭᠰᠠᠨ ᠪᠣᠯ ᠣᠳᠣ ᠵᠥᠪᠭᠡᠨ ᠨᠢᠭᠡ ᠯᠡ ᠭᠠᠷᠠᠭ ᠤᠨ ᠴᠠᠭ ᠬᠡᠷᠡᠭᠰᠡᠪᠡᠯ ᠵᠢᠭᠡᠯᠡᠯᠭᠡ ᠪᠠᠨ ᠣᠯᠴᠢᠬᠠᠨ᠎ᠠ᠂ ᠨᠡᠬᠡᠷᠡᠨ ᠲᠦᠭᠦᠮ ᠪᠣᠯᠭᠠᠪᠠ᠃ ︽ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠤᠯᠲᠠ ᠶᠢ ᠵᠣᠬᠢᠴᠠᠭᠤᠯᠬᠤ ᠲᠣᠭᠲᠠᠴᠠ ᠶᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠪᠠᠩᠬᠢ ᠨᠢᠭᠡᠨᠲᠡ 8 ᠠᠵᠤ ᠠᠬᠤᠶᠢᠯᠠᠯ ᠳᠤ 2001 ᠲᠦᠮᠡᠨ ᠲᠥᠭᠦᠷᠢᠭ ᠤᠨ ᠵᠢᠭᠡᠯᠡᠯᠭᠡ ᠲᠠᠷᠬᠠᠭᠠᠪᠠ︾ ᠭᠡᠵᠦ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠲᠦᠩᠯᠢᠶᠣᠣ ᠶᠢᠨ ᠾᠦᠢ ᠬᠠᠢ ᠰᠠᠯᠪᠤᠷᠢ ᠪᠠᠩᠬᠢ ᠶᠢᠨ ᠳᠡᠳ᠋ ᠳᠠᠷᠤᠭ᠎ᠠ ᠴᠧᠨ ᠳ᠋ᠧ ᠰᠢ ᠶᠠᠷᠢᠵᠤ ᠪᠠᠶᠢᠯ᠎ᠠ᠃      ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠤᠯᠲᠠ ᠶᠢ ᠵᠣᠬᠢᠴᠠᠭᠤᠯᠬᠤ ᠠᠵᠢᠯ ᠢ ᠳᠡᠮᠵᠢᠬᠦ ᠲᠣᠭᠲᠠᠴᠠ ᠶᠢ ᠡᠬᠢᠯᠡᠭᠦᠯᠦᠭᠰᠡᠨ ᠠᠴᠠ ᠨᠠᠭᠠᠰᠢ᠂ ᠨᠡᠭᠡᠭᠡᠯᠲᠡ ᠶᠢᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠬᠠᠷᠢᠶᠠᠲᠤ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠵᠣᠷᠢᠭᠵᠢᠭᠤᠯᠤᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠣᠷᠣᠨ ᠪᠠᠶᠢᠷᠢ ᠳᠤᠨᠢ ᠬᠦᠷᠭᠡᠬᠦ ᠶᠢ ᠪᠠᠲᠤᠯᠠᠪᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠪᠣᠳᠠᠲᠠᠢ ᠪᠠᠶᠢᠳᠠᠯ ᠢ ᠦᠨᠳᠦᠰᠦᠯᠡᠵᠦ᠂ ᠬᠠᠨᠳᠤᠯᠭᠠᠲᠤ ᠴᠢᠨᠠᠷ ᠢᠶᠠᠷ ᠴᠢᠩᠭ᠎ᠠ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠢᠵᠢ ᠪᠦᠷᠢᠳᠦᠭᠦᠯᠵᠦ᠂ ᠠᠵᠤ ᠠᠬᠤᠶᠢᠯᠠᠯ ᠤᠨ ᠣᠯᠠᠨ ᠶᠠᠩᠵᠤ ᠶᠢᠨ ᠪᠡᠯᠡ ᠲᠣᠬᠢᠷᠠᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠮᠥᠩᠭᠦᠨ ᠭᠦᠢᠯᠭᠡᠭᠡ ᠪᠠᠷ ᠵᠢᠵᠢᠭ ᠪᠢᠴᠢᠯ ᠠᠵᠤ ᠠᠬᠤᠶᠢᠯᠠᠯ ᠳᠤ ᠨᠠᠩ ᠨᠠᠷᠢᠯᠢᠭ ᠣᠨᠣᠴᠠᠲᠠᠢ ᠦᠢᠯᠡᠴᠢᠯᠡᠪᠡ᠃      ︽ᠮᠠᠨ ᠤ ᠬᠤᠯᠪᠣᠭᠠᠲᠤ ᠬᠤᠷᠰᠢᠶ᠎ᠠ ᠲᠣᠰ ᠭᠠᠵᠠᠷ ᠣᠷᠣᠨ ᠳᠠᠭᠠᠨ ᠰᠠᠭᠤᠷᠢᠯᠠᠵᠤ᠂ ᠭᠤᠷᠪᠠᠨ ᠲᠠᠷᠢᠶᠠᠯᠠᠯ ᠳᠤ ᠦᠢᠯᠡᠴᠢᠯᠡᠬᠦ᠂ ᠵᠢᠵᠢᠭ ᠪᠢᠴᠢᠯ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠶᠢ ᠳᠡᠮᠵᠢᠬᠦ ᠶᠢ ᠢᠮᠠᠭᠲᠠ ᠪᠠᠷᠢᠮᠲᠠᠯᠠᠵᠤ᠂ ᠬᠤᠪᠢ ᠶᠢᠨ ᠢᠲᠡᠭᠡᠮᠵᠢᠲᠦ ᠵᠢᠭᠡᠯᠡᠯᠭᠡ ᠶᠢ ᠨᠡᠶᠢᠲᠡᠯᠡᠨ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠭᠤᠶᠤᠴᠢᠯᠠᠬᠤ᠂ ᠡᠭᠦᠳᠡᠨ ᠳᠤᠨᠢ ᠬᠦᠷᠴᠦ ᠭᠦᠢᠴᠡᠳᠬᠡᠬᠦ ᠭᠡᠯᠪᠡᠷᠢ ᠪᠠᠷ ᠳᠠᠮᠵᠢᠨ᠂ ᠵᠢᠵᠢᠭ ᠪᠢᠴᠢᠯ ᠠᠵᠤ ᠠᠬᠤᠶᠢᠯᠠᠯ ᠳᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ ᠥᠭᠪᠡ᠃ ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠠᠯᠬᠤᠮ ᠳᠠᠷᠠᠭ᠎ᠠ ᠶᠢ ᠰᠢᠯᠢᠳᠡᠭᠵᠢᠭᠦᠯᠵᠦ᠂ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠰᠢᠯᠢᠳᠡᠭᠵᠢᠭᠦᠯᠵᠦ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠠᠰᠠᠭᠤᠳᠠᠯ ᠢ ᠦᠨᠳᠦᠰᠦ ᠠᠴᠠ ᠨᠢ ᠰᠢᠢᠳᠪᠦᠷᠢᠯᠡᠨ᠎ᠡ︾ ᠭᠡᠵᠦ ᠬᠤᠷᠴᠢᠨ ᠲᠣᠭᠤᠷᠢᠭ ᠤᠨ ᠬᠥᠳᠡᠭᠡ ᠲᠣᠰᠬᠤᠨ ᠤ ᠢᠲᠡᠭᠡᠮᠵᠢᠲᠦ ᠬᠤᠯᠪᠣᠭᠠᠲᠤ ᠬᠤᠷᠰᠢᠶ᠎ᠠ ᠶᠢᠨ ᠳᠡᠳ᠋ ᠡᠷᠭᠢᠯᠡᠭᠴᠢ ᠬᠠᠨ ᠬᠤᠷᠴᠢᠨᠬᠦᠦ ᠶᠠᠷᠢᠵᠤ ᠪᠠᠶᠢᠯ᠎ᠠ᠃      ᠡᠭᠦᠨ ᠤ ᠬᠠᠮᠲᠤ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠤᠯᠲᠠ ᠶᠢ ᠵᠣᠬᠢᠴᠠᠭᠤᠯᠬᠤ ᠠᠵᠢᠯ ᠢ ᠳᠡᠮᠵᠢᠬᠦ ᠲᠣᠭᠲᠠᠴᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠪᠡᠯᠡ ᠲᠣᠬᠢᠷᠠᠭᠤᠯᠬᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠨᠡᠭᠡᠭᠡᠯᠲᠡ ᠶᠢᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠠᠴᠠ ︽ᠮᠢᠩᠭᠠᠨ ᠠᠵᠤ ᠠᠬᠤᠶᠢᠯᠠᠯ ᠲᠦᠮᠡᠨ ᠡᠷᠦᠭᠡ ᠶᠢ ᠶᠡᠭᠡ ᠪᠠᠷ ᠲᠣᠭᠤᠷᠢᠨ ᠰᠤᠷᠪᠤᠯᠵᠢᠯᠠᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠯ᠎ᠡ ᠡᠵᠡᠩᠨᠡᠯᠲᠡ ᠶᠢᠨ ᠪᠡᠶᠡᠴᠢ ᠴᠣᠭᠴᠠ ᠶᠢᠨ ᠡᠵᠡᠩᠨᠡᠯᠲᠡ ᠶᠢᠨ ᠪᠠᠶᠢᠳᠠᠯ᠂ ᠪᠡᠯᠡ ᠮᠥᠩᠭᠦ ᠲᠣᠬᠢᠷᠠᠭᠤᠯᠬᠤ ᠬᠡᠷᠡᠭᠴᠡᠭᠡ ᠶᠢ ᠪᠠᠶᠢᠴᠠᠭᠠᠨ ᠣᠶᠢᠯᠠᠭᠠᠵᠤ᠂ ︽ᠭᠤᠷᠪᠠᠨ ᠲᠣᠳᠣᠷᠬᠠᠢ ᠬᠠᠭᠤᠳᠠᠰᠤ︾ ᠶᠢ ᠲᠦᠷᠭᠡᠨ ᠪᠦᠷᠢᠯᠳᠦᠭᠦᠯᠵᠦ᠂ ᠪᠠᠩᠬᠢ ᠪᠠ ᠠᠵᠤ ᠠᠬᠤᠶᠢᠯᠠᠯ ᠤᠨ ᠬᠠᠷᠢᠯᠴᠠᠬᠤ ᠬᠥᠭᠦᠷᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠤᠯᠲᠠ ᠶᠢ ᠨᠠᠷᠢᠨ ᠤᠨᠤᠪᠴᠢᠳᠡᠢ ᠪᠠᠷ ᠳᠡᠮᠵᠢᠬᠦ ᠰᠠᠭᠤᠷᠢ ᠶᠢ ᠪᠠᠲᠤᠳᠬᠠᠵᠤ᠂ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠵᠦ ᠠᠷᠠᠳ ᠲᠤ ᠠᠰᠢᠭ ᠬᠦᠷᠲᠡᠭᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠣᠳᠣᠬᠠᠨ ᠪᠤᠯᠲᠠᠯ᠎ᠠ᠂ ᠨᠡᠭᠡᠭᠡᠯᠲᠡ ᠶᠢᠨ ᠲᠣᠭᠤᠷᠢᠭ ᠨᠢᠭᠡᠨᠲᠡ 19572 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠲᠣᠭᠤᠷᠢᠨ ᠰᠤᠷᠪᠤᠯᠵᠢᠯᠠᠬᠤ ᠠᠵᠢᠯ ᠢ ᠳᠠᠭᠤᠰᠬᠠᠵᠤ᠂ 561 ᠡᠷᠦᠭᠡ ᠶᠢ ᠭᠤᠶᠤᠴᠢᠯᠠᠨ ᠮᠡᠳᠡᠭᠦᠯᠵᠦ᠂ 339 ᠡᠷᠦᠭᠡ  ᠶᠢ ᠲᠠᠨᠢᠯᠴᠠᠭᠤᠯᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠨᠡᠭᠡᠭᠡᠯᠲᠡ ᠶᠢᠨ ᠲᠣᠭᠤᠷᠢᠭ ᠨᠡᠶᠢᠳᠡᠮ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ ᠪᠠᠶᠢᠳᠠᠯ ᠳᠣᠣᠷᠠᠬᠢ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠲᠦᠭᠵᠢᠷᠡᠯ ᠢ ᠬᠦᠴᠦᠯᠡᠨ ᠰᠢᠢᠳᠪᠦᠷᠢᠯᠡᠵᠦ᠂ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠪᠡᠯᠡ ᠲᠣᠬᠢᠷᠠᠭᠤᠯᠤᠯᠲᠠ  ᠶᠢ ᠵᠣᠬᠢᠴᠠᠭᠤᠯᠬᠤ ᠠᠵᠢᠯ ᠤᠨ ᠲᠣᠭᠲᠠᠴᠠ ᠶᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠭᠦ ᠲᠦᠷᠦ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠪᠠ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠨᠡᠩ ᠰᠢᠯᠢᠳᠡᠭᠵᠢᠭᠦᠯᠬᠦ ᠪᠣᠯᠣᠨ᠎ᠠ᠃                                                        ︵ᠯᠢ ᠢ ᠶᠢᠩ︶ 
ᠢᠷᠡᠯᠲᠡ᠄ ᠲᠥᠩᠯᠢᠶᠣᠣ ᠮᠣᠩᠭᠤᠯ ᠰᠦᠯᠵᠢᠶ᠎ᠡ