ᠰᠢᠦᠢ ᠴᠢ ᠯᠢᠶᠠᠩ ᠨᠥᠬᠦᠷ ᠤᠨ ᠴᠢᠨᠳᠠᠷ ᠢ ᠪᠡᠭᠡᠵᠢᠩ ᠳᠤ ᠳᠡᠭᠳᠡᠭᠡᠪᠡ
ᠨᠡᠶᠢᠲᠡᠯᠡᠭᠰᠡᠨ ᠴᠠᠭ᠄
2025/6/10
  ᠰᠢ ᠶᠢᠨ ᠫᠢᠩ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠼᠠᠢ ᠴᠢ  ᠳ᠋ᠢᠩ ᠰᠢᠤᠸᠠᠢ ᠰᠢᠶᠠᠩ  ᠯᠢ ᠰᠢ ᠨᠠᠷ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠬᠦᠷᠴᠦ ᠠᠶᠠᠷᠯᠠᠨ ᠮᠣᠷᠳᠠᠭᠤᠯᠵᠠᠢ  ᠰᠢᠦᠢ ᠴᠢ ᠯᠢᠶᠠᠩ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ ᠰᠢ ᠶᠢᠨ ᠫᠢᠩ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠼᠠᠢ ᠴᠢ  ᠳ᠋ᠢᠩ ᠰᠢᠤᠸᠠᠢ ᠰᠢᠶᠠᠩ  ᠯᠢ ᠰᠢ  ᠬᠠᠨ ᠵᠧᠩ  ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ ᠤᠯᠠᠨ ᠭᠡᠯᠪᠡᠷᠢ ᠪᠠᠷ ᠰᠢᠦᠢ ᠴᠢ ᠯᠢᠶᠠᠩ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ   ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 8 ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠭᠡᠰᠢᠭᠦᠨ᠂ ᠣᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠦᠨᠡᠨᠴᠢ ᠰᠢᠳᠤᠷᠭᠤ ᠡᠪ ᠬᠠᠮᠲᠤ ᠶᠣᠰᠣᠨ ᠤ ᠪᠠᠶᠢᠯᠳᠤᠭᠴᠢ᠂ ᠦᠭᠡᠶᠢᠭᠦᠦ ᠠᠩᠭᠢ ᠶᠢᠨ ᠴᠡᠷᠢᠭ ᠤᠨ ᠡᠷᠳᠡᠮᠲᠡᠨ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠭᠠᠷᠮᠠᠭᠠᠢ ᠤᠳᠤᠷᠢᠳᠬᠤ ᠬᠥᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠨᠠᠢᠮᠠᠳᠤᠭᠠᠷ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠤᠯ ᠤᠨ ᠳᠡᠳ᠋ ᠲᠡᠷᠢᠭᠦᠯᠡᠭᠴᠢ ᠰᠢᠦᠢ ᠴᠢ ᠯᠢᠶᠠᠩ ᠨᠥᠬᠦᠷ ᠤᠨ ᠴᠢᠨᠳᠠᠷ ᠢ 8 ᠤ ᠡᠳᠦᠷ ᠪᠡᠭᠡᠵᠢᠩ ᠤᠨ ᠪᠠᠪᠦᠦᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠳᠡᠭᠳᠡᠭᠡᠪᠡ᠃  ᠰᠢᠦᠢ ᠴᠢ ᠯᠢᠶᠠᠩ ᠨᠥᠬᠦᠷ ᠡᠪᠡᠳᠴᠢᠨ ᠢᠶᠠᠷ 2025 ᠣᠨ ᠤ 6 ᠰᠠᠷ᠎ᠠ ᠶᠢᠨ 2 ᠤᠨ ᠡᠳᠦᠷ ᠤᠨ 12 ᠴᠠᠭ 12 ᠮᠢᠨᠦ᠋ᠲ ᠲᠤ ᠪᠡᠭᠡᠵᠢᠩ ᠳᠤ ᠨᠠᠰᠤ ᠪᠠᠷᠠᠪᠠ᠂ ᠨᠠᠰᠤᠨ ᠰᠡᠭᠦᠳᠡᠷ 75 ᠲᠠᠢ᠃  ᠰᠢᠦᠢ ᠴᠢ ᠯᠢᠶᠠᠩ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ᠂ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ ᠤᠯᠠᠨ ᠭᠡᠯᠪᠡᠷᠢ ᠪᠠᠷ ᠰᠢᠦᠢ ᠴᠢ ᠯᠢᠶᠠᠩ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃  8 ᠤ ᠦᠳᠡ ᠶᠢᠨ ᠡᠮᠦᠨ᠎ᠡ᠂ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠤ ᠶᠣᠰᠣᠯᠠᠯ ᠤᠨ ᠲᠠᠩᠬᠢᠮ ᠲᠥᠪ ᠴᠢᠬᠢᠮᠡᠢ ᠪᠠᠶᠢᠵᠤ᠂ ᠭᠠᠰᠢᠭᠤᠳᠠᠯ ᠤᠨ ᠠᠶᠠᠰ ᠤᠶᠠᠷᠠᠭᠤᠨ ᠨᠠᠮᠬᠠᠨ ᠰᠣᠨᠣᠰᠳᠠᠨ᠎ᠠ᠃ ᠭᠤᠣᠯ ᠲᠢᠩᠬᠢᠮ ᠤᠨ ᠳᠡᠭᠡᠷ᠎ᠡ ᠲᠠᠯ᠎ᠠ ᠳᠤ  ︽ᠰᠢᠦᠢ ᠴᠢ ᠯᠢᠶᠠᠩ ᠨᠥᠬᠦᠷ ᠢ ᠡᠮᠭᠡᠨᠢᠨ ᠭᠠᠰᠢᠭᠤᠳᠠᠶ᠎ᠠ︾ ᠭᠡᠬᠦ ᠬᠠᠷ᠎ᠠ ᠳᠡᠪᠢᠰᠬᠡᠷ ᠲᠠᠢ ᠴᠠᠭᠠᠨ ᠦᠰᠦᠭ ᠤᠨ ᠬᠥᠨᠳᠡᠯᠡᠨ ᠪᠢᠴᠢᠭᠡᠰᠦ ᠶᠢ ᠡᠯᠭᠦᠵᠦ᠂ ᠬᠥᠨᠳᠡᠯᠡᠨ ᠪᠢᠴᠢᠭᠡᠰᠦ ᠶᠢᠨ ᠳᠣᠣᠷ᠎ᠠ ᠲᠠᠯ᠎ᠠ ᠳᠤ ᠰᠢᠦᠢ ᠴᠢ ᠯᠢᠶᠠᠩ ᠨᠥᠬᠦᠷ ᠤᠨ ᠭᠦᠷᠦᠭ ᠢ ᠡᠯᠭᠦᠵᠡᠢ᠃ ᠰᠢᠦᠢ ᠴᠢ ᠯᠢᠶᠠᠩ ᠨᠥᠬᠦᠷ ᠤᠨ ᠴᠢᠨᠳᠠᠷ ᠢ ᠰᠣᠷᠭᠤᠭ ᠴᠡᠴᠡᠭ ᠨᠠᠷᠠᠰᠤ ᠮᠠᠶᠢᠯᠠᠰᠤ ᠪᠠᠷ ᠬᠦᠷᠢᠶᠡᠯᠡᠵᠦ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠢ ᠬᠤᠴᠢᠵᠠᠢ᠃  ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠭᠠᠰᠢᠭᠤᠳᠠᠯ ᠤᠨ ᠠᠶᠠᠰ ᠤᠨ ᠳᠤᠮᠳᠠ ᠰᠢᠦᠢ ᠴᠢ ᠯᠢᠶᠠᠩ ᠨᠥᠬᠦᠷ ᠤᠨ ᠴᠢᠨᠳᠠᠷ ᠤᠨ ᠡᠮᠦᠨ᠎ᠡ ᠠᠯᠭᠤᠷᠬᠠᠨ ᠬᠦᠷᠴᠦ ᠲᠥᠪ ᠵᠣᠭᠰᠣᠵᠤ ᠨᠠᠮᠠᠨᠴᠢᠯᠠᠨ ᠭᠠᠰᠢᠭᠤᠳᠠᠵᠤ᠂ ᠰᠢᠦᠢ ᠴᠢ ᠯᠢᠶᠠᠩ ᠨᠥᠬᠦᠷ ᠤᠨ ᠴᠢᠨᠳᠠᠷ ᠲᠤ ᠭᠤᠷᠪᠠᠨᠲᠠ ᠶᠣᠰᠣᠯᠠᠵᠤ᠂ ᠰᠢᠦᠢ ᠴᠢ ᠯᠢᠶᠠᠩ ᠨᠥᠬᠦᠷ ᠤᠨ ᠲᠦᠷᠦᠯ ᠰᠠᠳᠤᠨ ᠲᠠᠢ ᠨᠢᠭᠡᠳ ᠨᠢᠭᠡ ᠪᠠᠷ ᠭᠠᠷ ᠠᠳᠬᠤᠵᠤ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃  ᠨᠠᠮ᠂ ᠲᠦᠷᠦ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠦᠷᠴᠦ ᠠᠶᠠᠷᠯᠠᠨ ᠮᠣᠷᠳᠠᠭᠤᠯᠤᠭᠰᠠᠨ ᠪᠤᠶᠤ ᠡᠯ᠎ᠡ ᠵᠦᠢᠯ ᠤᠨ ᠭᠡᠯᠪᠡᠷᠢ ᠪᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠰᠢᠦᠢ ᠴᠢ ᠯᠢᠶᠠᠩ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠪᠣᠯᠣᠨ ᠨᠤᠲᠤᠭ ᠤᠨ ᠬᠢᠨᠢ ᠲᠥᠯᠥᠭᠡᠯᠡᠭᠴᠢᠳ ᠴᠤ ᠬᠦᠷᠦᠯᠴᠡᠨ ᠢᠷᠡᠵᠦ ᠠᠶᠠᠷᠯᠠᠨ ᠮᠣᠷᠳᠠᠭᠤᠯᠵᠠᠢ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ