ᠮᠧᠩ ᠰᠢᠶᠠᠨ ᠳ᠋ᠦᠩ ᠺᠠᠶᠢᠯᠦ ᠰᠢᠶᠠᠨ ᠵᠠᠷᠤᠳ ᠬᠤᠰᠢᠭᠤᠨ ᠳᠤ ᠬᠦᠷᠴᠦ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠵᠢᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/6/10
      6 ᠳ᠋ᠤᠭᠠᠷ ᠰᠠᠷ᠎ᠠ ᠶᠢᠨ 8 ᠳᠤ᠂ ᠮᠧᠩ ᠰᠢᠶᠠᠨ ᠳ᠋ᠦᠩ ᠺᠠᠶᠢᠯᠦ ᠰᠢᠶᠠᠨ᠂ ᠵᠠᠷᠤᠳ ᠬᠤᠰᠢᠭᠤᠨ ᠳᠤ ᠭᠦᠨᠵᠡᠭᠡᠶᠢᠷᠡᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠵᠢᠴᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠪᠠ᠃
孟宪东到开鲁县扎鲁特旗现场督导中央环保督察交办信访件办理及问题整改工作1.jpg
      ᠮᠧᠩ ᠰᠢᠶᠠᠨ ᠳ᠋ᠦᠩ ᠺᠠᠶᠢᠯᠦ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠠᠵᠤ ᠠᠬᠤᠶᠢᠯᠠᠯ ᠤᠨ ᠠᠶᠤᠯᠲᠠᠶ ᠬᠢᠮᠢ ᠶᠢᠨ ᠪᠣᠳᠠᠰ ᠢ ᠰᠢᠯᠵᠢᠭᠦᠯᠦᠨ ᠲᠡᠭᠡᠭᠡᠪᠦᠷᠢᠯᠡᠵᠦ ᠰᠢᠢᠳᠪᠦᠷᠢᠯᠡᠬᠦ ᠶᠠᠪᠤᠴᠠ ᠪᠠ ᠬᠦᠷᠢᠶᠡᠯᠡᠩ ᠲᠣᠭᠤᠷᠢᠭ ᠤᠨ ᠳᠠᠬᠢᠮᠠᠯ ᠤᠰᠤ ᠪᠣᠯᠭᠠᠨ ᠡᠭᠡᠭᠦᠯᠦᠨ ᠬᠡᠷᠡᠭᠯᠡᠭᠰᠡᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ ᠪᠠᠶᠢᠭ᠎ᠠ ᠨᠢ᠃      ᠺᠠᠶᠢᠯᠦ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠮᠧᠩ ᠰᠢᠶᠠᠨ ᠳ᠋ᠦᠩ ᠤᠷᠢᠳ ᠬᠤᠵᠢᠳ ᠬᠤᠯᠪᠣᠭᠳᠠᠯ ᠪᠦᠬᠦᠢ ᠠᠵᠤ ᠠᠬᠤᠶᠢᠯᠠᠯ ᠢᠶᠠᠷ ᠰᠤᠷᠪᠤᠯᠵᠢᠯᠠᠵᠤ᠂ ᠠᠵᠤ ᠠᠬᠤᠶᠢᠯᠠᠯ ᠤᠨ ᠠᠶᠤᠯᠲᠠᠢ ᠬᠢᠮᠢ ᠶᠢᠨ ᠪᠣᠳᠠᠰ ᠢ ᠰᠢᠯᠵᠢᠭᠦᠯᠦᠨ ᠲᠡᠭᠡᠭᠡᠪᠦᠷᠢᠯᠡᠵᠦ ᠰᠢᠢᠳᠪᠦᠷᠢᠯᠡᠬᠦ ᠶᠠᠪᠤᠴᠠ ᠪᠣᠯᠤᠨ ᠬᠦᠷᠢᠶᠡᠯᠡᠩ ᠲᠣᠭᠤᠷᠢᠭ ᠤᠨ ᠳᠠᠬᠢᠮᠠᠯ ᠤᠰᠤ ᠪᠣᠯᠭᠠᠨ ᠡᠭᠡᠭᠦᠯᠦᠨ ᠬᠡᠷᠡᠭᠯᠡᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠬᠠᠷᠢᠶ᠎ᠠ ᠭᠠᠵᠠᠷ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠬᠠᠯᠠᠮᠵᠢᠯᠠᠨ ᠬᠠᠪᠰᠤᠷᠬᠤ ᠪᠠᠷ ᠪᠠᠷᠠᠬᠤ ᠦᠭᠡᠢ ᠪᠠᠰᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠤ᠂ ᠪᠦᠬᠦ ᠬᠡᠯᠬᠢᠶ᠎ᠡ ᠶᠢᠨ ᠪᠢᠲᠡᠭᠦᠦ ᠴᠠᠭᠠᠷᠢᠭ ᠤᠨ ᠬᠢᠨᠠᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠶᠢ ᠱᠠᠭᠠᠷᠳᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠤᠯᠢ ᠲᠣᠭᠲᠠᠭᠠᠯ ᠶᠣᠰᠣᠭᠠᠷ ︽ᠭᠤᠷᠪᠠᠨ ᠬᠠᠶᠠᠭᠳᠠᠮᠠᠯ︾ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠨᠠᠮ ᠤᠨ ᠭᠡᠰᠢᠭᠦᠨ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠵᠠᠷᠤᠳ ᠬᠤᠰᠢᠭᠤᠨ ᠳᠤ᠂ ᠮᠧᠩ ᠰᠢᠶᠠᠨ ᠳ᠋ᠦᠩ ᠤᠷᠢᠳ ᠬᠤᠵᠢᠳ ᠴᠢᠪᠠᠭᠠᠲᠤ ᠰᠤᠮᠤ ᠶᠢᠨ ᠨᠠᠷᠢᠨ ᠭᠠᠴᠠᠭ᠎ᠠ ᠪᠠ ᠦᠯᠵᠡᠶᠢᠮᠦ᠋ᠷᠡᠨ ᠰᠤᠮᠤ ᠶᠢᠨ ᠲᠡᠰᠭᠢ ᠲᠣᠰᠬᠤᠨ ᠳᠤ ᠬᠦᠷᠴᠦ᠂ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠲᠤᠬᠠᠢ ᠶᠢᠨ ᠲᠠᠯᠠᠪᠠᠢ ᠳᠤ ᠬᠠᠮᠲᠤ ᠪᠠᠷ ᠰᠤᠳᠤᠯᠤᠨ ᠮᠠᠭᠠᠳᠯᠠᠵᠤ᠂ ᠤᠢ ᠰᠢᠭᠤᠢ ᠨᠤᠲᠤᠭ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠢᠭᠯᠡᠯ ᠪᠠ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠪᠠ᠃ ᠲᠡᠷᠡ᠂ ᠨᠤᠲᠤᠭ ᠪᠡᠯᠴᠢᠭᠡᠷ ᠪᠣᠯᠤᠨ ᠤᠢ ᠰᠢᠭᠤᠢ ᠶᠢ ᠬᠠᠮᠠᠭᠠᠯᠠᠬᠤ ᠪᠣᠯ ᠮᠠᠨ ᠤ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ᠂ ᠪᠢᠳᠡᠨ ᠤ ᠵᠠᠶᠢᠯᠠᠭᠤᠯᠵᠤ ᠪᠣᠯᠤᠰᠢ ᠦᠭᠡᠢ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠬᠠᠤᠯᠢ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠯᠪᠡᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠮᠡᠷᠭᠡᠨᠪᠠᠲᠤ ᠤᠷᠤᠯᠴᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ