6 ᠳ᠋ᠤᠭᠠᠷ ᠰᠠᠷ᠎ᠠ ᠶᠢᠨ 8 ᠳᠤ᠂ ᠮᠧᠩ ᠰᠢᠶᠠᠨ ᠳ᠋ᠦᠩ ᠺᠠᠶᠢᠯᠦ ᠰᠢᠶᠠᠨ᠂ ᠵᠠᠷᠤᠳ ᠬᠤᠰᠢᠭᠤᠨ ᠳᠤ ᠭᠦᠨᠵᠡᠭᠡᠶᠢᠷᠡᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠵᠢᠴᠢ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠨ ᠵᠢᠯᠣᠭᠤᠳᠪᠠ᠃ | | | | | | ᠮᠧᠩ ᠰᠢᠶᠠᠨ ᠳ᠋ᠦᠩ ᠺᠠᠶᠢᠯᠦ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠠᠵᠤ ᠠᠬᠤᠶᠢᠯᠠᠯ ᠤᠨ ᠠᠶᠤᠯᠲᠠᠶ ᠬᠢᠮᠢ ᠶᠢᠨ ᠪᠣᠳᠠᠰ ᠢ | ᠰᠢᠯᠵᠢᠭᠦᠯᠦᠨ ᠲᠡᠭᠡᠭᠡᠪᠦᠷᠢᠯᠡᠵᠦ ᠰᠢᠢᠳᠪᠦᠷᠢᠯᠡᠬᠦ ᠶᠠᠪᠤᠴᠠ ᠪᠠ ᠬᠦᠷᠢᠶᠡᠯᠡᠩ ᠲᠣᠭᠤᠷᠢᠭ ᠤᠨ ᠳᠠᠬᠢᠮᠠᠯ ᠤᠰᠤ ᠪᠣᠯᠭᠠᠨ ᠡᠭᠡᠭᠦᠯᠦᠨ ᠬᠡᠷᠡᠭᠯᠡᠭᠰᠡᠨ ᠵᠡᠷᠭᠡ ᠪᠠᠶᠢᠳᠠᠯ ᠢ | ᠲᠤᠬᠠᠶ ᠶᠢᠨ ᠭᠠᠵᠠᠷ ᠲᠤᠨᠢ ᠣᠶᠢᠯᠠᠭᠠᠵᠤ ᠪᠠᠶᠢᠭ᠎ᠠ ᠨᠢ᠃ | ᠺᠠᠶᠢᠯᠦ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ᠂ ᠮᠧᠩ ᠰᠢᠶᠠᠨ ᠳ᠋ᠦᠩ ᠤᠷᠢᠳ ᠬᠤᠵᠢᠳ ᠬᠤᠯᠪᠣᠭᠳᠠᠯ ᠪᠦᠬᠦᠢ ᠠᠵᠤ | ᠠᠬᠤᠶᠢᠯᠠᠯ ᠢᠶᠠᠷ ᠰᠤᠷᠪᠤᠯᠵᠢᠯᠠᠵᠤ᠂ ᠠᠵᠤ ᠠᠬᠤᠶᠢᠯᠠᠯ ᠤᠨ ᠠᠶᠤᠯᠲᠠᠢ ᠬᠢᠮᠢ ᠶᠢᠨ ᠪᠣᠳᠠᠰ ᠢ ᠰᠢᠯᠵᠢᠭᠦᠯᠦᠨ ᠲᠡᠭᠡᠭᠡᠪᠦᠷᠢᠯᠡᠵᠦ ᠰᠢᠢᠳᠪᠦᠷᠢᠯᠡᠬᠦ ᠶᠠᠪᠤᠴᠠ ᠪᠣᠯᠤᠨ | ᠬᠦᠷᠢᠶᠡᠯᠡᠩ ᠲᠣᠭᠤᠷᠢᠭ ᠤᠨ ᠳᠠᠬᠢᠮᠠᠯ ᠤᠰᠤ ᠪᠣᠯᠭᠠᠨ ᠡᠭᠡᠭᠦᠯᠦᠨ ᠬᠡᠷᠡᠭᠯᠡᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠬᠠᠷᠢᠶ᠎ᠠ | ᠭᠠᠵᠠᠷ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠬᠠᠯᠠᠮᠵᠢᠯᠠᠨ ᠬᠠᠪᠰᠤᠷᠬᠤ ᠪᠠᠷ ᠪᠠᠷᠠᠬᠤ ᠦᠭᠡᠢ ᠪᠠᠰᠠ | ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠵᠤ᠂ ᠪᠦᠬᠦ ᠬᠡᠯᠬᠢᠶ᠎ᠡ ᠶᠢᠨ ᠪᠢᠲᠡᠭᠦᠦ ᠴᠠᠭᠠᠷᠢᠭ ᠤᠨ ᠬᠢᠨᠠᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠤ | ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠬᠦ ᠶᠢ ᠱᠠᠭᠠᠷᠳᠠᠵᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠤᠯᠢ ᠲᠣᠭᠲᠠᠭᠠᠯ ᠶᠣᠰᠣᠭᠠᠷ ︽ᠭᠤᠷᠪᠠᠨ ᠬᠠᠶᠠᠭᠳᠠᠮᠠᠯ︾ ᠢ ᠰᠢᠢᠳᠪᠦᠷᠢᠯᠡᠵᠦ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ︽ᠥᠴᠦᠬᠡᠨ ᠴᠦ ᠠᠭᠤᠴᠢᠯᠠᠬᠤ ᠦᠭᠡᠢ︾᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ | ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠨᠠᠮ ᠤᠨ ᠭᠡᠰᠢᠭᠦᠨ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠵᠠᠷᠤᠳ ᠬᠤᠰᠢᠭᠤᠨ ᠳᠤ᠂ ᠮᠧᠩ ᠰᠢᠶᠠᠨ ᠳ᠋ᠦᠩ ᠤᠷᠢᠳ ᠬᠤᠵᠢᠳ ᠴᠢᠪᠠᠭᠠᠲᠤ ᠰᠤᠮᠤ ᠶᠢᠨ ᠨᠠᠷᠢᠨ ᠭᠠᠴᠠᠭ᠎ᠠ ᠪᠠ ᠦᠯᠵᠡᠶᠢᠮᠦ᠋ᠷᠡᠨ ᠰᠤᠮᠤ ᠶᠢᠨ ᠲᠡᠰᠭᠢ | ᠲᠣᠰᠬᠤᠨ ᠳᠤ ᠬᠦᠷᠴᠦ᠂ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠲᠤᠬᠠᠢ ᠶᠢᠨ ᠲᠠᠯᠠᠪᠠᠢ ᠳᠤ ᠬᠠᠮᠲᠤ ᠪᠠᠷ ᠰᠤᠳᠤᠯᠤᠨ | ᠮᠠᠭᠠᠳᠯᠠᠵᠤ᠂ ᠤᠢ ᠰᠢᠭᠤᠢ ᠨᠤᠲᠤᠭ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠢᠭᠯᠡᠯ ᠪᠠ ᠠᠵᠢᠯ ᠤᠨ ᠡᠭᠦᠷᠭᠡ ᠪᠠᠨ ᠤᠯᠠᠮ ᠨᠢᠭᠡ | ᠠᠯᠬᠤᠮ ᠲᠣᠳᠣᠷᠬᠠᠶᠢᠯᠠᠪᠠ᠃ ᠲᠡᠷᠡ᠂ ᠨᠤᠲᠤᠭ ᠪᠡᠯᠴᠢᠭᠡᠷ ᠪᠣᠯᠤᠨ ᠤᠢ ᠰᠢᠭᠤᠢ ᠶᠢ ᠬᠠᠮᠠᠭᠠᠯᠠᠬᠤ ᠪᠣᠯ ᠮᠠᠨ ᠤ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ | ᠲᠡᠷᠢᠭᠦᠨ ᠴᠢᠬᠤᠯᠠ ᠡᠭᠦᠷᠭᠡ ᠮᠥᠨ᠂ ᠪᠢᠳᠡᠨ ᠤ ᠵᠠᠶᠢᠯᠠᠭᠤᠯᠵᠤ ᠪᠣᠯᠤᠰᠢ ᠦᠭᠡᠢ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠤᠢ ᠰᠢᠭᠤᠢ ᠡᠪᠡᠰᠦ ᠪᠡᠯᠴᠢᠭᠡᠷ ᠢ | ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠭᠦᠨᠵᠡᠭᠡᠢ ᠨᠠᠷᠢᠨ ᠨᠢᠮᠪᠠᠢ | ᠰᠠᠶᠢᠲᠤᠷ ᠬᠢᠵᠦ᠂ ᠬᠠᠤᠯᠢ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠯᠪᠡᠷ ᠪᠤᠰᠤ ᠪᠠᠷ | ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠮᠡᠷᠭᠡᠨᠪᠠᠲᠤ ᠤᠷᠤᠯᠴᠠᠪᠠ᠃ |