6 ᠳ᠋ᠤᠭᠠᠷ ᠰᠠᠷ᠎ᠠ ᠶᠢᠨ 8 ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠬᠤᠷᠴᠢᠨ ᠵᠡᠭᠦᠨ ᠭᠠᠷᠤᠨ | ᠳᠤᠮᠳᠠᠳᠤ ᠬᠤᠰᠢᠭᠤᠨ ᠳᠤ ᠭᠦᠨᠵᠡᠭᠡᠶᠢᠷᠡᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ | ᠰᠢᠢᠳᠪᠦᠷᠢᠯᠡᠭᠦᠯᠦᠭᠰᠡᠨ ᠤᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠢ ᠬᠢᠨᠠᠨ ᠵᠢᠯᠣᠭᠤᠳᠪᠠ᠃ | | | | | | ᠴᠢ᠊ · ᠳᠠᠯᠠᠨᠲᠠᠢ ᠤᠷᠢᠳ ᠬᠤᠵᠢᠳ ᠮᠡᠨᠳᠦ ᠪᠠᠯᠭᠠᠰᠤᠨ ᠤ ᠵᠢᠶᠠᠩ ᠵᠢᠶᠠ ᠲᠣᠰᠬᠤᠨ ᠪᠣᠯᠤᠨ ᠰᠠᠨ ᠢ ᠲᠠᠩ ᠲᠣᠰᠬᠤᠨ ᠳᠤ ᠬᠦᠷᠴᠦ᠂ ᠳᠠᠭᠠᠭᠠᠴᠢᠯᠠᠨ | ᠬᠤᠯᠪᠣᠭᠠᠯᠠᠭᠰᠠᠨ ᠤᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠰᠠᠭᠤᠳᠠᠯ ᠢ | ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠮᠲᠤᠪᠠᠷ ᠰᠤᠳᠤᠯᠪᠠ᠃ ᠲᠡᠷᠡ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ | ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ | ᠰᠠᠶᠢᠵᠢᠷᠠᠭᠤᠯᠬᠤ ᠤᠯᠤᠰ ᠲᠦᠷᠦᠴᠢ ᠴᠢᠨᠠᠷ᠂ ᠲᠥᠪ ᠴᠢᠩᠭ᠎ᠠ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ | ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠰᠠᠭᠤᠳᠠᠯ ᠤᠨ ᠵᠠᠩᠭᠢᠯᠠᠭ᠎ᠠ ᠶᠢ ᠭᠦᠨᠵᠡᠭᠡᠢ ᠪᠠᠶᠢᠴᠠᠭᠠᠨ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠤᠳᠠ ᠬᠤᠰᠢᠭᠤᠨ ᠤ ᠬᠤᠯᠪᠣᠭᠠᠯᠠᠨ ᠵᠠᠳᠠᠯᠵᠤ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠬᠡᠷᠡᠭ ᠢ ᠰᠢᠢᠳᠪᠦᠷᠢᠯᠡᠬᠦ | ᠶᠠᠪᠤᠴᠠ ᠶᠢ ᠵᠢᠷᠤᠮᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠪᠠ ᠶᠡᠷᠦᠩᠬᠡᠶᠢᠯᠡᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠠᠳᠠᠯᠢ ᠲᠦᠷᠦᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠵᠤ᠂ ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠨ ᠨᠢᠭᠡ ᠬᠦᠷᠢᠶ᠎ᠡ ᠶᠢ ᠵᠢᠷᠤᠮᠵᠢᠭᠤᠯᠬᠤ ᠦᠷ᠎ᠡ ᠪᠦᠲᠦᠮᠵᠢ ᠶᠢ ᠴᠢᠷᠮᠠᠶᠢᠨ | ᠪᠡᠶᠡᠯᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠤᠨ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ᠂ ᠥᠨᠳᠥᠷ ᠪᠦᠲᠦᠮᠵᠢᠲᠡᠢ ᠪᠠᠷ ᠬᠠᠷᠢᠭᠤᠯᠲᠠ | ᠥᠭᠴᠦ᠂ ᠤᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | | | | ᠴᠢ᠊ · ᠳᠠᠯᠠᠨᠲᠠᠢ ᠪᠠᠰᠠ ᠠᠭᠤᠯᠠ ᠤᠰᠤᠨ ᠤ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠤᠢ ᠰᠢᠭᠤᠢ ᠨᠤᠲᠤᠭ ᠪᠡᠯᠴᠢᠭᠡᠷ ᠢ | ᠡᠪᠳᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠲᠡᠷᠡ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠭᠤᠯᠠ ᠤᠰᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ |