ᠵᠦᠢᠯ ᠤᠨ ᠴᠡᠴᠡᠭ ᠳᠡᠯᠭᠡᠷᠡᠭᠰᠡᠨ ᠵᠤᠨ ᠪᠣᠯᠣᠯ᠎ᠠ᠂ ᠥᠪᠥᠷ ᠮᠣᠩᠭᠤᠯ ᠳᠤ ᠠᠶᠢᠯᠴᠢᠯᠠᠨ ᠢᠷᠡᠭᠰᠡᠨ ᠨᠠᠶᠢᠵᠠ ᠨᠦᠬᠦᠳ ᠤᠨ ᠬᠠᠷᠠᠭ᠎ᠠ ᠶᠢ ᠪᠤᠯᠢᠶᠠᠵᠤ ᠰᠡᠳᠬᠢᠯ ᠢ | ᠪᠠᠶᠠᠰᠬᠠᠶ᠎ᠠ᠂ ᠤᠮᠠᠷᠠᠳᠤ ᠬᠢᠯᠢ ᠶᠢᠨ ᠰᠤᠶᠤᠯ ᠤᠨ ᠠᠵᠢᠯᠯᠠᠭᠠᠨ ᠤ ᠤᠯᠠᠷᠢᠯ ᠤᠳᠠᠯ ᠦᠭᠡᠢ ᠡᠬᠢᠯᠡᠬᠦ ᠪᠣᠯᠵᠤ᠂ 8 ᠶᠡᠭᠡ ᠲᠥᠷᠥᠯ ᠤᠨ 75 ᠵᠦᠢᠯ ᠤᠨ ᠭᠤᠶᠢᠳᠠ | ᠰᠠᠶᠢᠬᠠᠨ ᠠᠵᠢᠯᠯᠠᠭ᠎ᠠ ᠲᠠᠨ ᠤ ᠰᠠᠭᠠᠲᠠᠨ ᠰᠣᠨᠢᠷᠬᠠᠬᠤ ᠶᠢ ᠬᠦᠯᠢᠶᠡᠵᠦ ᠪᠠᠶᠢᠨ᠎ᠠ︕ | | | | | | | 6 ᠳ᠋ᠤᠭᠠᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠮᠠᠷᠠᠲᠤ | ᠬᠢᠯᠢ ᠶᠢᠨ ᠰᠣᠶᠣᠯ ᠤᠨ ᠠᠵᠢᠯᠯᠠᠭᠠᠨ ᠤ ᠤᠯᠠᠷᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ | ᠤᠮᠠᠷᠠᠲᠤ ᠬᠢᠯᠢ ᠶᠢᠨ ᠰᠣᠶᠣᠯ ᠤᠨ ᠠᠵᠢᠯᠯᠠᠭᠠᠨ ᠤ ᠤᠯᠠᠷᠢᠯ ᠳᠤ ᠪᠠᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠢᠶᠠᠷ ᠭᠤᠤᠯ ᠰᠡᠳᠦᠪ ᠪᠣᠯᠭᠠᠵᠤ᠂ | ᠲᠤᠰᠬᠠᠶ ᠲᠣᠭᠯᠠᠯᠲᠠ᠂ ᠰᠣᠳᠣᠨ ᠦᠵᠡᠭᠦᠯᠭᠡ ᠶᠢᠨ ᠲᠣᠭᠯᠠᠯᠲᠠ᠂ ᠦᠵᠡᠰᠬᠦᠯᠡᠩ ᠪᠠ ᠦᠵᠡᠭᠦᠯᠭᠡ᠂ ᠣᠯᠠᠨ ᠲᠦᠮᠡᠨ ᠤ ᠰᠣᠶᠣᠯ ᠤᠨ ᠠᠵᠢᠯᠯᠠᠭᠠᠨ᠂ ᠰᠣᠶᠣᠯ | ᠵᠢᠭᠤᠯᠴᠢᠯᠠᠯ ᠤᠨ ᠠᠭᠤᠰᠤᠯᠴᠠᠯ᠂ ᠳᠡᠯᠭᠡᠨ ᠦᠵᠡᠭᠦᠯᠭᠡ ᠪᠠ ᠨᠡᠪᠲᠡᠷᠡᠭᠦᠯᠭᠡ᠂ ᠬᠠᠷᠢᠭᠤ ᠮᠡᠳᠡᠭᠦᠯᠦᠯᠲᠡ ᠶᠢᠨ ᠲᠣᠭᠯᠠᠯᠲᠠ᠂ ᠠᠶᠢᠮᠠᠭ ᠬᠤᠲᠠ ᠶᠢᠨ ᠬᠠᠮᠲᠤᠷᠠᠭᠰᠠᠨ | ᠠᠵᠢᠯᠯᠠᠭ᠎ᠠ ᠵᠡᠷᠭᠡ 8 ᠶᠡᠭᠡ ᠲᠦᠷᠦᠯ ᠤᠨ ᠠᠵᠢᠯᠯᠠᠭᠠᠨ ᠥᠷᠨᠢᠭᠦᠯᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠢᠯᠯᠠᠭᠠᠨ 37 | ᠵᠦᠢᠯ᠂ ᠡᠯ᠎ᠡ ᠠᠶᠢᠮᠠᠭ ᠬᠤᠲᠠ ᠶᠢᠨ ᠬᠠᠮᠲᠤᠷᠠᠭᠰᠠᠨ ᠠᠵᠢᠯᠯᠠᠭ᠎ᠠ ᠵᠡᠷᠭᠡ ᠰᠣᠶᠣᠯ ᠤᠨ ᠠᠵᠢᠯᠯᠠᠭᠠᠨ 38 ᠵᠦᠢᠯ ᠢ ᠪᠠᠭᠲᠠᠭᠠᠪᠠ᠃ | ᠲᠤᠰ ᠤᠳᠠᠭᠠᠨ ᠤ ᠠᠵᠢᠯᠯᠠᠭᠠᠨ ᠢᠶᠠᠨ 6 ᠳ᠋ᠤᠭᠠᠷ ᠰᠠᠷ᠎ᠠ ᠶᠢᠨ 21 ᠤ ᠡᠳᠦᠷ ᠠᠴᠠ 9 ᠳ᠋ᠤᠭᠡᠷ ᠰᠠᠷ᠎ᠠ ᠶᠢᠨ 26 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠂ | ᠬᠡᠰᠡᠭ ᠦᠵᠡᠰᠬᠦᠯᠡᠩ ᠪᠠ ᠨᠡᠪᠲᠡᠷᠡᠭᠦᠯᠭᠡ ᠶᠢᠨ ᠲᠥᠷᠥᠯ ᠵᠦᠢᠯ ᠢᠶᠠᠨ 10 ᠳ᠋ᠤᠭᠠᠷ ᠰᠠᠷ᠎ᠠ ᠪᠣᠯᠲᠠᠯ᠎ᠠ ᠦᠷᠭᠦᠯᠵᠢᠯᠡᠭᠦᠯᠬᠦ ᠪᠣᠯᠣᠨ᠎ᠠ᠃ | 6 ᠳ᠋ᠤᠭᠠᠷ ᠰᠠᠷ᠎ᠠ ᠶᠢᠨ 21 ᠤ ᠡᠳᠦᠷ ᠪᠠ 22 ᠤᠨ ᠡᠳᠦᠷ᠂ ᠤᠮᠠᠷᠠᠲᠤ ᠬᠢᠯᠢ ᠶᠢᠨ ᠰᠣᠶᠣᠯ ᠤᠨ ᠤᠯᠠᠷᠢᠯ ᠤᠨ ᠲᠤᠰᠬᠠᠢ ᠲᠣᠭᠯᠠᠯᠲᠠ ᠶᠢ ᠬᠥᠬᠡᠬᠤᠲᠠ ᠶᠢᠨ | ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠭᠳᠠᠭᠤᠯᠤᠨ᠎ᠠ᠂ ᠡᠨᠡ ᠨᠢ ︽ᠰᠣᠩᠭᠤᠳᠠᠭ ᠪᠦᠲᠦᠭᠡᠯ ᠤᠨ ᠳᠠᠭᠤᠤ ᠬᠥᠭᠵᠢᠮ ᠤᠨ ᠦᠳᠡᠰᠢᠯᠡᠭᠡ︾ ᠪᠠ ︽ᠰᠢᠨ᠎ᠡ ᠣᠳᠣᠳ ᠤᠨ | ᠰᠢᠨ᠎ᠡ ᠪᠦᠲᠦᠭᠡᠯ ᠤᠨ ᠲᠣᠭᠯᠠᠯᠲᠠ ᠶᠢᠨ ᠦᠳᠡᠰᠢᠯᠡᠭᠡ︾ ᠬᠤᠶᠠᠷ ᠲᠠᠯᠠᠪᠤᠷ ᠤᠨ ᠠᠵᠢᠯᠯᠠᠭᠠᠨ ᠪᠣᠯᠣᠨ᠎ᠠ᠃ | ᠭᠢᠯᠠᠰ ᠴᠡᠭ ᠣᠯᠠᠨᠲᠠᠢ | 01 ᠠᠵᠢᠯᠯᠠᠭᠠᠨ ᠤ ᠪᠠᠶᠢᠷᠢ ᠲᠣᠭᠲᠠᠭᠠᠯᠲᠠ ᠶᠢᠨ ᠲᠠᠯ᠎ᠠ ᠪᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠲᠣᠪᠣᠶᠢᠯᠭᠠᠨ᠎ᠠ᠃ ︽ᠭᠡᠷᠡᠯ ᠭᠢᠯᠪᠠᠭᠠᠲᠤ ᠤᠮᠠᠷᠠᠲᠤ | ᠬᠢᠯᠢ︾ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠨᠡᠭᠦᠳᠡᠯ ᠲᠣᠭᠯᠠᠯᠲᠠ ᠭᠠᠷᠭᠠᠬᠤ ᠵᠡᠷᠭᠡ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯᠯᠠᠭᠠᠨ ᠨᠤᠭᠤᠳ ᠢ ᠥᠷᠨᠢᠭᠦᠯᠵᠦ᠂ ᠰᠣᠶᠣᠯ ᠤᠨ ᠰᠢᠯᠢᠳᠡᠭ ᠡᠬᠢ ᠪᠠᠶᠠᠯᠢᠭ ᠢ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠦᠢᠯᠡᠴᠢᠯᠡᠭᠦᠯᠦᠨ᠎ᠡ᠃ ︽ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠬᠤ︾ ᠵᠦᠢᠯ ᠳᠤ᠂ ᠠᠵᠤ ᠦᠶᠯᠡᠰᠵᠢᠭᠦᠯᠦᠨ ᠡᠵᠡᠩᠨᠡᠬᠦ ᠠᠷᠭ᠎ᠠ ᠵᠠᠮ ᠢ ᠬᠠᠶᠢᠨ | ᠰᠦᠪᠡᠭᠴᠢᠯᠡᠵᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠣᠭᠲᠠᠴᠠ ᠶᠢ ᠣᠷᠣᠭᠤᠯᠤᠨ ᠠᠪᠴᠢᠷᠠᠵᠤ᠂ ᠣᠯᠠᠨ ᠲᠦᠮᠡᠨ ᠳᠤ ᠦᠢᠯᠡᠴᠢᠯᠡᠬᠦ ᠬᠡᠯᠪᠡᠷᠢ ᠳᠤ | ᠰᠢᠨ᠎ᠡ ᠶᠢ ᠡᠭᠦᠳᠴᠦ᠂ ᠤᠮᠠᠷᠠᠲᠤ ᠬᠢᠯᠢ ᠶᠢᠨ ᠰᠣᠶᠣᠯ ᠢ ᠣᠯᠠᠨ ᠲᠦᠮᠡᠨ ᠤ ᠰᠣᠶᠣᠯ ᠤᠨ ᠠᠵᠢᠯᠯᠠᠭᠠᠨ ᠳᠤ ᠠᠭᠤᠰᠬᠠᠨ ᠣᠷᠣᠭᠤᠯᠤᠨ᠎ᠠ᠃ | 02 ᠠᠭᠤᠯᠭ᠎ᠠ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠤᠮᠠᠷᠠᠲᠤ ᠬᠢᠯᠢ ᠶᠢᠨ ᠰᠣᠶᠣᠯ ᠤᠨ ︽ᠪᠠᠶᠠᠯᠢᠭ ᠠᠭᠤᠷᠬᠠᠶ︾ ᠶᠢ ᠭᠦᠨ ᠠᠭᠤᠳᠠᠯᠵᠤ᠂ ᠵᠣᠬᠢᠶᠠᠯ | ᠪᠦᠲᠦᠭᠡᠯ᠂ ᠲᠠᠶᠢᠰᠠᠨ ᠤ ᠲᠣᠭᠯᠠᠯᠲᠠ ᠵᠡᠷᠭᠡ ᠡᠯ᠎ᠡ ᠭᠤᠭᠴᠤᠭ᠎ᠠ ᠳᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ | ᠢᠯᠡᠷᠡᠭᠦᠯᠦᠨ᠎ᠡ᠃ ᠰᠣᠶᠣᠯ ᠤᠨ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ ᠠᠬᠢᠭᠤᠯᠵᠤ᠂ ︽ᠯᠢᠩᠬᠸ᠎ᠠ ᠱᠠᠩᠨᠠᠯ︾ ᠤᠨ ᠣᠳᠣ ᠦᠶ᠎ᠡ ᠶᠢᠨ ᠪᠥᠵᠢᠭ ᠤᠨ | ᠦᠵᠡᠭᠦᠯᠭᠡ ᠶᠢᠨ ᠲᠣᠭᠯᠠᠯᠲᠠ᠂ ᠳᠤᠮᠳᠠᠳᠤ ᠤᠯᠤᠰ ᠤᠨ ᠤᠤᠭᠠᠯ ᠠᠷᠠᠳ ᠤᠨ ᠳᠠᠭᠤᠨ ᠤ ᠨᠠᠶᠢᠷ ᠵᠡᠷᠭᠡ ᠲᠤᠰᠬᠠᠶ ᠮᠡᠷᠭᠡᠵᠢᠯ ᠤᠨ ᠲᠥᠷᠥᠯ ᠵᠦᠢᠯ ᠢ ᠣᠷᠣᠭᠤᠯᠤᠨ | ᠠᠪᠴᠢᠷᠠᠨ᠎ᠠ᠃ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠨᠡᠶᠢᠳᠬᠡᠵᠦ᠂ 38 ᠠᠶᠢᠮᠠᠭ ᠬᠤᠲᠠ ᠶᠢᠨ ᠭᠤᠤᠯᠳᠠᠯᠭ᠎ᠠ ᠪᠣᠯᠬᠤ | ᠠᠵᠢᠯᠯᠠᠭᠠᠨ ᠢ ᠤᠬᠠᠭᠠᠯᠠᠨ ᠭᠠᠷᠭᠠᠵᠤ᠂ ᠥᠪᠥᠷ ᠮᠣᠩᠭᠤᠯ ᠤᠨ ᠰᠣᠶᠣᠯ ᠤᠨ ᠠᠵᠢᠯᠯᠠᠭᠠᠨ ᠤ ︽ᠢᠳᠡ ᠬᠥᠭ︾ ᠢ ᠪᠥᠬᠦ ᠣᠷᠣᠨ ᠳᠤ ᠲᠥᠭᠡᠭᠡᠨᠡ᠃ | 03 ᠲᠥᠷᠥᠯ ᠵᠦᠢᠯ ᠤᠨ ᠬᠠᠮᠢᠶᠠᠷᠤᠯᠲᠠ ᠳᠤ ᠠᠷᠪᠢᠴᠢ ᠪᠠ ᠨᠡᠭᠡᠭᠡᠯᠲᠡ ᠲᠠᠢ ᠪᠠᠶᠢᠬᠤ ᠶᠢ ᠬᠠᠷᠢᠯᠴᠠᠨ ᠠᠬᠢᠭᠤᠯᠬᠤ ᠪᠠᠨ ᠴᠢᠬᠤᠯᠠᠴᠢᠯᠠᠨ᠎ᠠ᠃ ᠲᠥᠪ ᠤᠨ | ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠲᠣᠭᠯᠠᠯᠲᠠ ᠶᠢᠨ ᠲᠠᠪᠴᠠᠩ ᠢ ᠳᠥᠭᠦᠮ | ᠠᠪᠰᠠᠷ ᠢᠶᠠᠷ ᠵᠢᠷᠤᠵᠤ ᠲᠥᠯᠥᠪᠯᠡᠬᠦ ᠪᠠ ᠳ᠋ᠢᠭᠢᠲᠴᠢᠯᠡᠭᠰᠡᠨ ᠤᠬᠠᠭᠤᠯᠭ᠎ᠠ ᠪᠠᠷ ᠬᠠᠲᠠᠭᠤ ᠬᠡᠷᠡᠭᠰᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠡᠳ᠋ ᠤᠨ ᠵᠠᠰᠠᠭ ᠤᠨ | ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ᠃ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠰᠢᠯᠢᠳᠡᠭ ᠵᠦᠴᠦᠭᠡ | ︵ᠲᠣᠭᠯᠠᠯᠲᠠ︶ ᠶᠢ ᠣᠷᠤᠭᠤᠯᠤᠨ ᠠᠪᠴᠢᠷᠠᠬᠤ᠂ ᠰᠣᠶᠣᠯ ᠤᠨ ᠡᠭᠦᠳᠦᠯᠲᠡ ᠶᠢᠨ ᠴᠤᠭᠯᠠᠭ᠎ᠠ ᠮᠠᠶᠢᠮᠠᠶ ᠵᠡᠷᠭᠡ ᠠᠵᠢᠯᠯᠠᠭᠠᠨ ᠳᠤ ᠣᠷᠣᠯᠴᠠᠬᠤ ᠶᠢ ᠵᠣᠬᠢᠶᠠᠨ ᠪᠠᠶᠢᠭᠤᠯᠵᠤ᠂ | ᠰᠣᠶᠣᠯ ᠤᠨ ᠬᠡᠷᠡᠭᠯᠡᠭᠡ ᠶᠢᠨ ᠦᠢᠯᠡᠳᠬᠦᠨ ᠤ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ | 04 ᠵᠢᠷᠤᠭ ᠲᠥᠯᠥᠪᠯᠡᠭᠡ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠨᠢᠭᠡᠳᠦᠯᠲᠡᠢ | ᠲᠥᠯᠥᠪᠵᠢᠭᠦᠯᠵᠦ᠂ ᠤᠯᠠᠨ ᠰᠠᠯᠠᠭ᠎ᠠ ᠮᠥᠴᠢᠷ ᠯᠦᠭᠡ ᠬᠠᠮᠲᠤᠷᠠᠨ ᠥᠪᠡᠷᠲᠡᠭᠡᠨ ᠵᠠᠰᠠᠬᠤ ᠣᠷᠣᠨ ᠤ 37 ᠵᠦᠢᠯ ᠤᠨ ᠭᠤᠣᠯᠳᠠᠯᠭ᠎ᠠ ᠪᠣᠯᠬᠤ ᠠᠵᠢᠯᠯᠠᠭᠠᠨ ᠢ | ᠤᠬᠠᠭᠠᠯᠠᠨ ᠭᠠᠷᠭᠠᠵᠤ᠂ ᠬᠦᠳᠦᠯᠦᠨ ᠳᠠᠭᠠᠭᠤᠯᠬᠤ ᠴᠢᠨᠠᠷ ᠪᠠ ᠵᠢᠱᠢᠶ᠎ᠡ ᠦᠵᠡᠭᠦᠯᠬᠦ ᠴᠢᠨᠠᠷ ᠢ ᠳᠣᠪᠣᠶᠢᠯᠭᠠᠨ᠎ᠠ᠃ ᠡᠯ᠎ᠡ ᠠᠶᠢᠮᠠᠭ ᠬᠤᠲᠠ ᠶᠢᠨ ᠭᠤᠤᠯᠳᠠᠯᠭ᠎ᠠ ᠪᠣᠯᠬᠤ | ᠠᠵᠢᠯᠯᠠᠭᠠᠨ ᠢ ᠲᠦᠯᠬᠢᠨ ᠠᠬᠢᠭᠤᠯᠬᠤ ᠶᠢᠨ ᠬᠠᠮᠲᠤ᠂ ᠬᠥᠬᠡᠬᠤᠲᠠ ᠶᠢᠨ ᠲᠤᠬᠠᠢ ᠶᠢᠨ ᠭᠠᠵᠠᠷ ᠣᠷᠣᠨ ᠤ ᠠᠵᠢᠯᠯᠠᠭᠠᠨ ᠢ ᠲᠥᠪᠯᠡᠷᠡᠭᠦᠯᠦᠨ ᠰᠠᠶᠢᠲᠤᠷ ᠠᠳᠬᠤᠵᠤ᠂ | ᠰᠣᠶᠣᠯ ᠤᠨ ᠰᠢᠨ᠎ᠡ ᠬᠦᠷᠢᠶ᠎ᠡ᠂ ᠰᠦᠯᠵᠢᠶᠡᠨ ᠤ ᠬᠠᠯᠠᠮᠰᠢᠯᠲᠤ ᠴᠡᠭ ᠤᠳ ᠢ ᠴᠣᠭᠴᠠᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠶᠢᠨ | ︽ᠪᠣᠷᠤᠯᠠᠭᠤᠯᠭ᠎ᠠ ᠶᠢᠨ ᠴᠡᠭ︾ ᠢ ᠨᠡᠪᠴᠢᠭᠦᠯᠦᠨ ᠪᠣᠢ ᠪᠣᠯᠭᠠᠨ᠎ᠠ᠃ | |