5 ᠳ᠋ᠤᠭᠠᠷ ᠰᠠᠷ᠎ᠠ ᠶᠢᠨ 29 ᠳᠤ᠂ ᠲᠦᠩᠯᠢᠶᠣᠤ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ | ᠶᠣᠰᠣᠯᠠᠯ ᠵᠢᠴᠢ ᠲᠦᠮᠡᠨ ᠬᠥᠮᠦᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠲᠦᠩᠯᠢᠶᠣᠤ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠬᠤᠷᠴᠢᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ ᠲᠦᠮᠡᠨ ᠬᠥᠮᠦᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠪᠠᠶᠠᠷ ᠤᠨ ᠦᠭᠡ ᠬᠡᠯᠡᠵᠦ᠂ ᠵᠢᠶ ᠴᠢᠶᠠᠩ᠂ ᠯᠢᠦᠶ ᠶᠦᠩ ᠴᠧᠩ | ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠬᠤᠲᠠ ᠳᠤ ᠪᠠᠶᠢᠭ᠎ᠠ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠪᠥᠬᠦ ᠠᠷᠠᠳ ᠢᠶᠠᠷ ᠢᠶᠠᠨ ᠣᠷᠣᠯᠴᠠᠵᠦ᠂ ᠪᠥᠬᠦ ᠠᠷᠠᠳ ᠢᠶᠠᠷ ᠢᠶᠠᠨ ᠡᠷᠡᠭᠦᠯ ᠮᠡᠨᠳᠦ᠂ ᠪᠥᠬᠦ ᠠᠷᠠᠳ ᠢᠶᠠᠷ ᠢᠶᠠᠨ | ᠬᠠᠮᠲᠤ ᠪᠠᠷ ᠡᠳ᠋ᠯᠡᠵᠦ᠂ ᠪᠥᠬᠦ ᠠᠷᠠᠳ ᠢᠶᠠᠷ ᠢᠶᠠᠨ ᠪᠠᠶᠠᠷ ᠬᠥᠷ ᠲᠠᠢ ᠪᠠᠶᠢᠬᠤ︾ ᠭᠤᠤᠯ ᠰᠡᠳᠦᠪ ᠪᠠ ᠵᠣᠷᠢᠯᠲᠠ ᠶᠢ ᠪᠠᠷᠢᠮᠲᠠᠯᠠᠵᠤ᠂ 1 ᠭᠤᠤᠯ ᠬᠤᠷᠠᠯ ᠤᠨ ᠲᠠᠯᠠᠪᠠᠶ | ᠪᠠ 7 ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ︽ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠳᠠᠬᠤ ᠪᠥᠮᠪᠦᠭᠡ︾᠂ ᠢᠳᠡᠷᠡᠭᠦᠨ ᠠᠯᠬᠤᠭ᠎ᠠ᠂ ᠠᠭᠤᠳᠠᠮ | ᠲᠠᠯᠠᠪᠠᠶ ᠶᠢᠨ ᠪᠥᠵᠢᠭ᠂ ᠶᠠᠪᠠᠭᠠᠨ ᠢᠶᠠᠷ ᠥᠨᠳᠥᠷ ᠲᠤ ᠭᠠᠷᠬᠤ ᠵᠡᠷᠭᠡ 10 ᠭᠠᠷᠤᠶ ᠲᠥᠷᠥᠯ ᠤᠨ ᠣᠯᠠᠨ ᠲᠦᠮᠡᠨᠴᠢ ᠴᠢᠨᠠᠷᠲᠠᠶ᠂ ᠰᠣᠨᠢᠷᠬᠠᠯᠲᠠᠶ ᠴᠢᠨᠠᠷ ᠢᠶᠠᠷ | ᠨᠡᠯᠢᠶᠡᠳ ᠴᠢᠩᠭ᠎ᠠ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ 2 ᠲᠦᠮᠡ ᠭᠠᠷᠤᠶ ᠺᠠᠳ᠋ᠷ ᠣᠯᠠᠨ ᠲᠦᠮᠡᠨ ᠨᠡᠷ᠎ᠡ | ᠮᠡᠳᠡᠭᠦᠯᠵᠦ ᠤᠷᠤᠯᠳᠤᠭᠠᠨ ᠳᠤ ᠣᠷᠣᠯᠴᠠᠪᠠ᠃ |