ᠴᠢ᠊ · ᠳᠠᠯᠠᠨᠲᠠᠢ ᠲᠤᠬᠠᠢ ᠶᠢᠨ ᠲᠠᠯᠠᠪᠠᠢ ᠳᠤ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠤᠶᠠᠳᠤᠭᠠᠷ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠣᠷᠴᠢᠨ ᠲᠣᠭᠤᠷᠢᠨ ᠤ ᠲᠤᠬᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/6/4
      6 ᠳ᠋ᠤᠭᠠᠷ ᠰᠠᠷ᠎ᠠ ᠶᠢᠨ 2 ᠲᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠵᠠᠷᠤᠳ ᠬᠤᠰᠢᠭᠤᠨ ᠳᠤ ᠭᠦᠨᠵᠡᠭᠡᠶᠢᠷᠡᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠬᠤᠶᠠᠳᠤᠭᠠᠷ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠣᠷᠴᠢᠨ ᠲᠣᠭᠤᠷᠢᠨ ᠤ ᠲᠤᠬᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠬᠢᠨᠠᠨ ᠵᠢᠯᠣᠭᠤᠳᠪᠠ᠃ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
奇·达楞太现场督导中央第二生态环境保护督察组交办群众环境信访案件办理工作.jpg
      ᠴᠢ᠊ · ᠳᠠᠯᠠᠨᠲᠠᠢ ᠨᠠᠷ ᠤᠷᠢᠳ ᠬᠤᠵᠢᠳ ᠳᠣᠯᠣᠲᠤ ᠰᠤᠮᠤᠨ ᠤ ᠳᠣᠯᠣᠲᠤ ᠭᠠᠴᠠᠭ᠎ᠠ ᠪᠣᠯᠤᠨ ᠬᠤᠶᠢᠲᠤ ᠪᠤᠯᠠᠭᠲᠤ ᠭᠠᠴᠠᠭ᠎ᠠ ᠳᠤ ᠬᠦᠷᠴᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠭᠰᠠᠨ ᠪᠥᠭᠡᠳ ᠪᠣᠳᠠᠲᠠᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠲᠡᠷᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠦᠨᠳᠦᠷᠴᠡ ᠠᠴᠠ ᠬᠢᠨᠠᠨ ᠦᠵᠡᠬᠦ᠂ ᠤᠯᠤᠰ ᠲᠦᠷᠦ ᠶᠢᠨ ᠵᠣᠭᠰᠣᠯᠲᠠ ᠠᠴᠠ ᠠᠬᠢᠭᠤᠯᠬᠤ᠂ ᠤᠯᠤᠰ ᠲᠦᠷᠦ ᠶᠢᠨ ᠪᠠᠷᠢᠮᠵᠢᠶ᠎ᠠ ᠪᠠᠷ ᠬᠠᠷᠭᠤᠭᠤᠯᠤᠨ ᠪᠠᠶᠢᠴᠠᠭᠠᠬᠤ᠂ ᠤᠯᠤᠰ ᠲᠦᠷᠦ ᠶᠢᠨ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠪᠣᠯᠤᠨ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠶᠢ ᠲᠤᠰᠬᠠᠢ ᠬᠥᠮᠦᠨ ᠳᠤ ᠬᠦᠷᠲᠡᠯ᠎ᠡ ᠬᠤᠪᠢᠶᠠᠷᠢᠯᠠᠨ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠲᠤᠰᠬᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠪᠦᠬᠦᠨ ᠢ ᠬᠠᠮᠤᠷᠤᠨ ᠬᠠᠷᠭᠤᠭᠤᠯᠤᠨ ᠪᠠᠶᠢᠴᠠᠭᠠᠯᠲᠠ ᠬᠢᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠴᠢᠩᠭ᠎ᠠ ᠨᠢᠮᠪᠠᠶ ᠪᠣᠳᠠᠲᠠᠶ ᠰᠤᠷᠲᠠᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠶᠠᠪᠤᠳᠠᠯ ᠪᠣᠯᠭᠠᠨ ᠳᠤ ᠬᠠᠷᠢᠭᠤ ᠥᠭᠴᠦ᠂ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ