ᠲᠦᠩᠯᠢᠶᠣᠤ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ ᠲᠦᠮᠡᠨ ᠬᠥᠮᠦᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠠᠪᠤᠭᠳᠠᠪᠠ ᠮᠧᠩ ᠰᠢᠶᠠᠨ ᠳ᠋ᠦᠩ ᠠᠵᠢᠯᠯᠠᠭ᠎ᠠ ᠡᠬᠢᠯᠡᠭᠰᠡᠨ ᠢ ᠵᠠᠷᠯᠠᠵᠠᠢ
ᠨᠡᠶᠢᠲᠡᠯᠡᠭᠰᠡᠨ ᠴᠠᠭ᠄
2025/6/4
      5 ᠳ᠋ᠤᠭᠠᠷ ᠰᠠᠷ᠎ᠠ ᠶᠢᠨ 29 ᠳᠤ᠂ ᠲᠦᠩᠯᠢᠶᠣᠤ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ ᠲᠦᠮᠡᠨ ᠬᠥᠮᠦᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠲᠦᠩᠯᠢᠶᠣᠤ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ ᠲᠦᠮᠡᠨ ᠬᠥᠮᠦᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠪᠠᠶᠠᠷ ᠤᠨ ᠦᠭᠡ ᠬᠡᠯᠡᠵᠦ᠂ ᠵᠢᠶ ᠴᠢᠶᠠᠩ᠂ ᠯᠢᠦᠶ ᠶᠦᠩ ᠴᠧᠩ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠬᠤᠲᠠ ᠳᠤ ᠪᠠᠶᠢᠭ᠎ᠠ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
通辽市第八届科尔沁运动大会开幕式暨万人健步走活动举行 孟宪东宣布活动启动 奇·达楞太致辞.jpg
      ᠲᠣᠰ ᠤᠳᠠᠭᠠᠨ ᠤ ᠠᠵᠢᠯᠯᠠᠭ᠎ᠠ ᠨᠢ ︽ᠪᠥᠬᠦ ᠠᠷᠠᠳ ᠢᠶᠠᠷ ᠢᠶᠠᠨ ᠣᠷᠣᠯᠴᠠᠵᠦ᠂ ᠪᠥᠬᠦ ᠠᠷᠠᠳ ᠢᠶᠠᠷ ᠢᠶᠠᠨ ᠡᠷᠡᠭᠦᠯ ᠮᠡᠨᠳᠦ᠂ ᠪᠥᠬᠦ ᠠᠷᠠᠳ ᠢᠶᠠᠷ ᠢᠶᠠᠨ ᠬᠠᠮᠲᠤ ᠪᠠᠷ ᠡᠳ᠋ᠯᠡᠵᠦ᠂ ᠪᠥᠬᠦ ᠠᠷᠠᠳ ᠢᠶᠠᠷ ᠢᠶᠠᠨ ᠪᠠᠶᠠᠷ ᠬᠥᠷ ᠲᠠᠢ ᠪᠠᠶᠢᠬᠤ︾ ᠭᠤᠤᠯ ᠰᠡᠳᠦᠪ ᠪᠠ ᠵᠣᠷᠢᠯᠲᠠ ᠶᠢ ᠪᠠᠷᠢᠮᠲᠠᠯᠠᠵᠤ᠂ 1 ᠭᠤᠤᠯ ᠬᠤᠷᠠᠯ ᠤᠨ ᠲᠠᠯᠠᠪᠠᠶ ᠪᠠ 7 ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ︽ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠳᠠᠬᠤ ᠪᠥᠮᠪᠦᠭᠡ︾᠂ ᠢᠳᠡᠷᠡᠭᠦᠨ ᠠᠯᠬᠤᠭ᠎ᠠ᠂ ᠠᠭᠤᠳᠠᠮ ᠲᠠᠯᠠᠪᠠᠶ ᠶᠢᠨ ᠪᠥᠵᠢᠭ᠂ ᠶᠠᠪᠠᠭᠠᠨ ᠢᠶᠠᠷ ᠥᠨᠳᠥᠷ ᠲᠤ ᠭᠠᠷᠬᠤ ᠵᠡᠷᠭᠡ 10 ᠭᠠᠷᠤᠶ ᠲᠥᠷᠥᠯ ᠤᠨ ᠣᠯᠠᠨ ᠲᠦᠮᠡᠨᠴᠢ ᠴᠢᠨᠠᠷᠲᠠᠶ᠂ ᠰᠣᠨᠢᠷᠬᠠᠯᠲᠠᠶ ᠴᠢᠨᠠᠷ ᠢᠶᠠᠷ ᠨᠡᠯᠢᠶᠡᠳ ᠴᠢᠩᠭ᠎ᠠ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ 2 ᠲᠦᠮᠡ ᠭᠠᠷᠤᠶ ᠺᠠᠳ᠋ᠷ ᠣᠯᠠᠨ ᠲᠦᠮᠡᠨ ᠨᠡᠷ᠎ᠡ ᠮᠡᠳᠡᠭᠦᠯᠵᠦ ᠤᠷᠤᠯᠳᠤᠭᠠᠨ ᠳᠤ ᠣᠷᠣᠯᠴᠠᠪᠠ᠃
ᠢᠷᠡᠯᠲᠡ᠄ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠠ