ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ | ᠠᠷᠠᠯᠵᠢᠶᠠᠨ ᠤ ᠴᠤᠭᠯᠠᠭᠠᠨ ︵ᠳᠣᠷᠣᠭᠰᠢ ︽ᠰᠣᠶᠣᠯ ᠤᠨ ᠦᠵᠡᠰᠭᠦᠯᠡᠩ ᠤᠨ ᠴᠤᠭᠯᠠᠭᠠᠨ︾ ᠭᠡᠵᠦ ᠲᠣᠪᠴᠢᠯᠠᠨ᠎ᠠ︶ 5 ᠰᠠᠷ᠎ᠠ ᠶᠢᠨ 22 ᠤᠨ ᠡᠳᠦᠷ ᠠᠴᠠ | 26 ᠤ ᠡᠳᠦᠷ ᠪᠤᠯᠲᠠᠯ᠎ᠠ ᠶᠠᠪᠤᠭᠳᠠᠪᠠ᠃ ᠦᠵᠡᠰᠭᠦᠯᠡᠩ ᠳᠤ ᠣᠷᠣᠯᠴᠠᠬᠰᠠᠨ ᠲᠦᠩᠯᠢᠶᠣᠣ ᠬᠤᠳᠠ ᠶᠢᠨ ᠴᠤᠷ ᠤᠨ ᠭᠠᠭᠴᠠ ᠲᠦᠷᠦᠯ ᠵᠦᠢᠯ ᠪᠣᠯᠤᠭᠰᠠᠨ ᠵᠠᠷᠤᠳ | ᠪᠠᠷ ᠵᠢᠷᠤᠭ ᠨᠢ ᠥᠪᠡᠷᠮᠢᠴᠡ ᠤᠷᠠᠯᠢᠭ ᠤᠨ ᠦᠨ᠎ᠡ ᠦᠷᠳᠡᠭ ᠪᠣᠯᠣᠨ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠢᠶᠠᠨ︽ᠡᠯᠪᠡᠭ ᠬᠤᠷᠢᠶᠠᠯᠲᠠ︾ ᠣᠯᠣᠭᠰᠠᠨ | ᠪᠠᠶᠢᠨ᠎ᠠ᠃ ᠬᠠᠮᠲᠤᠷᠠᠯᠴᠠᠭ᠎ᠠ ᠰᠣᠯᠢᠯᠴᠠᠭ᠎ᠠ ᠠᠴᠠ ᠪᠠᠷ ᠵᠢᠷᠤᠭᠴᠢᠳ ᠤᠨ ᠦᠰᠦᠨ ᠪᠤᠶᠢᠵᠢᠯᠲᠠ ᠭᠦᠷᠲᠡᠯ᠎ᠡ᠂ ᠲᠠᠭᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠤ | ᠳᠡᠭᠡᠭᠰᠢᠯᠡᠯᠲᠡ ᠭᠦᠷᠲᠡᠯ᠎ᠡ᠂ ᠵᠠᠷᠤᠳ ᠪᠠᠷ ᠵᠢᠷᠤᠭ ᠨᠢ ᠴᠣ ᠰᠢᠨ᠎ᠡ ᠳᠦᠷᠢ ᠪᠠᠶᠢᠳᠠᠯ ᠢᠶᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠴᠠᠭ ᠦᠶ᠎ᠡ ᠶᠢᠨ ᠰᠢᠨ᠎ᠡ | ᠬᠠᠭᠤᠳᠠᠰᠤ ᠶᠢ ᠪᠢᠴᠢᠭᠯᠡᠵᠦ ᠪᠤᠢ᠃ | ᠰᠣᠶᠣᠯ ᠤᠨ ᠦᠵᠡᠰᠭᠦᠯᠡᠩ ᠤᠨ ᠴᠤᠭᠯᠠᠭᠠᠨ ᠤ ᠠᠬᠤᠢ ᠲᠠᠯᠠᠪᠠᠢ ᠳᠠᠬᠢ ᠵᠠᠷᠤᠳ ᠪᠠᠷ ᠵᠢᠷᠤᠭ ᠤᠨ ᠦᠵᠡᠭᠦᠯᠭᠡ ᠶᠢᠨ ᠲᠣᠭᠤᠷᠢᠭ ᠲᠤ ᠬᠥᠮᠥᠨ ᠬᠠᠷ᠎ᠠ | ᠴᠤᠬᠯᠠᠷᠠᠯᠳᠤᠨ᠂ ᠡᠳᠦᠷ ᠳᠤᠮᠳᠠᠴᠢ ᠶᠢᠨ ᠲᠣᠭᠤᠷᠢᠨ ᠦᠵᠡᠭᠴᠢᠳ ᠢ ᠭᠥᠯᠢᠶᠡᠨ ᠠᠪᠤᠭᠰᠠᠨ ᠬᠡᠮᠵᠢᠶ᠎ᠡ 2 ᠲᠦᠮᠡᠨ ᠬᠥᠮᠥᠨ ᠤᠳᠠᠭ᠎ᠠ ᠶᠢ ᠳᠠᠪᠠᠵᠠᠢ᠃ ᠡᠡ᠊ᠨᠳᠡᠭᠢ ᠨᠢ | ᠰᠣᠶᠣᠯ ᠤᠨ ᠦᠵᠡᠭᠦᠯᠭᠡ ᠶᠢᠨ ᠴᠣᠩᠬᠤᠪᠴᠢ ᠪᠤᠯᠬᠤ ᠪᠠᠷ ᠪᠠᠷᠠᠬᠤ ᠦᠭᠡᠢ᠂ ᠨᠡᠩ ᠴᠤ ᠵᠠᠬ᠎ᠠ ᠳᠡᠯᠭᠡᠭᠦᠷ ᠢ ᠨᠡᠭᠡᠭᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ | ᠪᠣᠯᠣᠨ᠎ᠠ᠃ ᠪᠦᠭᠦ ᠤᠯᠤᠰ ᠴᠢᠨᠠᠭᠰᠢᠯᠠᠪᠠᠯ ᠳᠡᠯᠡᠬᠡᠢ ᠶᠢᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠰᠣᠶᠣᠯ ᠤᠨ ᠠᠵᠤ ᠦᠢᠯᠡᠰ ᠡᠷᠬᠢᠯᠡᠭᠰᠡᠳ᠂ ᠤᠷᠠᠯᠢᠭ ᠤᠨ | ᠪᠠᠭ᠋ᠠᠲᠠᠳ ᠵᠠᠷᠤᠳ ᠪᠠᠷ ᠵᠢᠷᠤᠭ ᠤᠨ ᠷᠢᠳᠢ ᠰᠢᠳᠢ ᠳᠤ ᠲᠠᠲᠠᠭᠳᠠᠨ ᠲᠡᠭᠦᠨ ᠢ ᠠᠵᠢᠭᠯᠠᠨ ᠰᠣᠨᠢᠷᠬᠠᠵᠤ᠂ ᠵᠠᠷᠤᠳ ᠪᠠᠷ ᠵᠢᠷᠤᠭ ᠤᠨ ᠲᠤᠬᠠᠢ ᠬᠠᠯᠠᠭᠤᠷᠠᠯ | ᠦᠷᠭᠦᠯᠵᠢᠯᠡᠵᠤ ᠯᠡ ᠪᠠᠶᠢᠯ᠎ᠠ᠃ ᠹᠷᠠᠨᠼᠢ ᠶᠢᠨ ᠨᠢᠭᠡᠨ ᠤᠷᠠᠯᠢᠭ ᠤᠨ ᠪᠠᠭ᠋ᠠᠲᠠᠨ᠄ ︽ᠦᠨᠡᠬᠡᠷ ᠭᠤᠶᠣ︕ᠵᠠᠷᠤᠳ ᠪᠠᠷ ᠵᠢᠷᠤᠭ ᠨᠢ ᠥᠩᠭᠡ ᠪᠤᠳᠤᠭ ᠬᠤᠷᠴᠠ ᠲᠣᠳᠣ᠂ | ᠥᠪᠡᠷᠮᠢᠴᠡ ᠬᠡᠪ ᠨᠠᠮᠪᠠ ᠲᠠᠢ ᠪᠠᠶᠢᠵᠤ᠂ ᠲᠠᠯ᠎ᠠ ᠨᠤᠲᠤᠭ ᠤᠨ ᠪᠠᠶᠢᠭᠠᠯᠢᠯᠢᠭ ᠪᠣᠷᠣᠭᠵᠢᠭᠤᠨ ᠪᠠᠶᠢᠳᠠᠯ ᠢ ᠬᠠᠷᠠᠭᠤᠯᠤᠨ᠂ ᠡᠭᠡᠭᠡ ᠯᠠ ᠥᠭᠡᠷ᠎ᠡ ᠨᠢᠭᠡ ᠤᠷᠠᠯᠢᠭ ᠤᠨ | ᠶᠢᠷᠲᠢᠨᠴᠦ ᠳᠤ ᠣᠷᠣᠭᠰᠠᠨ ᠮᠡᠲᠦ ᠰᠠᠨᠠᠭᠳᠠᠭᠤᠯᠤᠨ᠎ᠠ᠂ ᠮᠠᠰᠢ ᠭᠠᠶᠢᠬᠠᠮᠰᠢᠭᠲᠠᠢ︾ ᠭᠡᠵᠦ ᠳᠠᠭᠤ ᠠᠯᠳᠠᠨ ᠶᠠᠷᠢᠵᠤ ᠪᠠᠶᠢᠯ᠎ᠠ᠃ | ᠦᠵᠡᠭᠦᠯᠭᠡ ᠶᠢᠨ ᠬᠤᠭᠤᠴᠠᠭᠠᠨ ᠳᠤ᠂ ᠬᠠᠮᠲᠤᠷᠠᠯᠴᠠᠭ᠎ᠠ ᠪᠠ ᠪᠣᠷᠤᠯᠠᠭᠤᠯᠭ᠎ᠠ ᠴᠤ ᠪᠠᠰᠠ ᠮᠠᠰᠢ ᠬᠥᠭᠵᠢᠶᠡᠨ ᠲᠠᠢ ᠪᠠᠶᠢᠯ᠎ᠠ᠃ ᠵᠠᠷᠤᠳ ᠪᠠᠷ ᠵᠢᠷᠤᠭ ᠤᠨ | ᠪᠦᠯᠭᠦᠮ ᠤᠨ ᠬᠢᠨ ᠣᠯᠠᠨ ᠪᠠᠶᠢᠭᠤᠯᠤᠮᠵᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠣᠯᠠᠨ ᠵᠦᠢᠯ ᠤᠨ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠲᠡᠳᠡᠭᠡᠷ ᠨᠢ | ᠵᠠᠭᠤᠴᠢᠯᠠᠭᠤᠷ ᠬᠢᠭᠡᠳ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠳᠡᠯᠭᠡᠷᠡᠭᠦᠯᠦᠯ᠂ ᠤᠯᠠᠮᠵᠢᠯᠠᠯᠲᠤ ᠤᠷ᠎ᠠ ᠮᠡᠷᠭᠡᠵᠢᠯ ᠬᠢᠭᠡᠳ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠤ ᠨᠡᠭᠡᠭᠡᠯᠲᠡ᠂ ᠪᠠᠷ ᠵᠢᠷᠤᠭ ᠤᠨ ᠦᠵᠡᠭᠦᠯᠭᠡ ᠬᠢᠭᠡᠳ ᠵᠠᠬ᠎ᠠ ᠳᠡᠯᠭᠡᠭᠦᠷ ᠤᠨ ᠥᠷᠭᠡᠳᠬᠡᠯ᠂ ᠤᠷᠠᠯᠢᠭ ᠤᠨ ᠰᠤᠷᠭᠠᠨ ᠬᠥᠮᠦᠵᠢᠯ | ᠬᠢᠭᠡᠳ ᠲᠦᠭᠡᠮᠡᠯᠵᠢᠭᠦᠯᠦᠯᠲᠡ᠂ ᠣᠷᠣᠨ ᠪᠦᠰᠡ ᠠᠯᠤᠰᠯᠠᠭᠰᠠᠨ ᠤᠷᠠᠯᠢᠭ ᠤᠨ ᠬᠠᠮᠲᠤᠷᠠᠯᠴᠠᠭ᠎ᠠ ᠵᠡᠷᠭᠡ ᠣᠯᠠᠨ ᠬᠦᠷᠢᠶ᠎ᠡ ᠴᠠᠷᠠᠭᠠᠨ ᠳᠤ ᠬᠤᠯᠪᠣᠭᠳᠠᠵᠤ᠂ ᠠᠬᠤᠢ | ᠳᠠᠯᠠᠪᠠᠢ ᠳᠤ ᠨᠡᠶᠢᠲᠡ 80 ᠭᠠᠷᠤᠢ ᠬᠤᠪᠢ ᠪᠠᠷ ᠵᠢᠷᠤᠭ ᠤᠨ ᠪᠦᠲᠦᠭᠡᠯ ᠢ ᠪᠣᠷᠣᠯᠠᠭᠤᠯᠤᠭᠰᠠᠨ ᠪᠠᠶᠢᠨ᠎ᠠ᠃ ᠭᠤᠸᠠᠩᠳᠦ᠋ᠩ ᠮᠤᠵᠢ ᠶᠢᠨ ᠫᠧᠩᠴᠧᠩ ᠤᠨ | ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠹᠦ᠋ ᠳ᠋ᠧ ᠴᠢᠤᠧᠠᠨ᠄ ︽ᠵᠠᠷᠤᠳ ᠪᠠᠷ ᠵᠢᠷᠤᠭ ᠤᠨ ᠪᠣᠷᠣ ᠮᠠᠲ᠋ᠧᠷᠢᠶᠠᠯ ᠨᠢ ᠮᠠᠰᠢ | ᠰᠠᠶᠢᠨ᠂ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠤᠨ ᠤᠯᠠᠮᠵᠢᠯᠠᠯ᠂ ᠬᠤᠪᠢᠰᠬᠠᠯ ᠤᠨ ᠳᠤᠷᠠᠰᠤᠮᠵᠢ ᠵᠡᠷᠭᠡ ᠶᠢ ᠤᠷᠠᠯᠠᠨ ᠰᠡᠶᠢᠯᠦᠭᠰᠡᠨ ᠨᠢ ᠪᠦᠷ ᠳᠤᠮᠳᠠᠳᠤ | ᠶᠢᠨ ᠡᠯᠧᠮᠧᠨ᠋ᠲ ᠪᠣᠯᠣᠨ᠎ᠠ᠂ ᠪᠢᠳᠡ ᠬᠠᠮᠲᠤᠷᠠᠨ ᠠᠵᠢᠯᠯᠠᠵᠤ᠂ ᠡᠳᠡᠭᠡᠷ ᠤᠷᠠᠯᠢᠭ ᠤᠨ ᠰᠣᠳᠣᠨ ᠪᠦᠲᠦᠭᠡᠯ ᠢ ᠴᠡᠷᠢᠭ ᠤᠨ ᠬᠤᠸᠠᠷᠠᠨ᠂ ᠰᠤᠷᠭᠠᠭᠤᠯᠢ ᠳᠤ ᠣᠷᠣᠭᠤᠯᠵᠤ᠂ | ᠵᠠᠯᠠᠭᠤᠴᠤᠳ ᠪᠠᠭᠠᠴᠤᠳ ᠲᠤ ᠬᠠᠮᠤᠭ ᠤᠨ ᠭᠤᠶᠤ ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ ᠶᠢ ᠬᠦᠰᠡᠵᠦ ᠪᠠᠶᠢᠨ᠎ᠠ︾ᠭᠡᠵᠦ ᠶᠠᠷᠢᠵᠤ ᠪᠠᠶᠢᠯ᠎ᠠ᠃ ᠭᠡᠷ ᠤᠨ ᠡᠳ᠋ᠯᠡᠯ | ᠬᠡᠷᠡᠭᠰᠡᠯ ᠤᠨ ᠦᠢᠯᠡᠳᠪᠦᠷᠢᠯᠡᠭᠴᠢ ᠰᠢ ᠠᠪᠤᠭᠠᠢ ᠪᠠᠰᠠ ᠪᠠᠷ ᠵᠢᠷᠤᠭ ᠤᠨ ᠥᠩᠭᠡ ᠪᠤᠳᠤᠭ ᠢ ᠭᠠᠶᠢᠬᠠᠨ᠄ ︽ᠵᠠᠷᠤᠳ ᠪᠠᠷ ᠵᠢᠷᠤᠭ ᠤᠨ ᠥᠩᠭᠡ ᠪᠤᠳᠤᠭ ᠬᠤᠷᠴᠠ | ᠲᠣᠳᠣ ᠪᠥᠭᠡᠳ ᠨᠢᠳᠦᠨ ᠳᠤ ᠠᠶᠠᠲᠠᠶᠢᠬᠠᠨ ᠬᠠᠷᠠᠭᠳᠠᠳᠠᠭ᠂ ᠭᠡᠷ ᠤᠨ ᠡᠳ᠋ᠯᠡᠯ ᠬᠡᠷᠡᠭᠰᠡᠯ ᠤᠨ ᠦᠵᠡᠭᠦᠯᠭᠡ ᠶᠢᠨ ᠲᠢᠩᠬᠢᠮ ᠳᠤ ᠲᠠᠯᠪᠢᠪᠠᠯ᠂ ᠬᠡᠷᠡᠭᠯᠡᠭᠴᠢᠳ ᠲᠤ ᠨᠡᠩ | ᠡᠯᠪᠡᠭ ᠪᠠᠶᠠᠯᠢᠭ ᠰᠣᠶᠣᠯ ᠤᠨ ᠠᠮᠢᠳᠤᠷᠠᠯ ᠤᠨ ᠲᠥᠷᠥᠯ ᠤᠨ ᠪᠦᠲᠦᠭᠡᠭᠳᠡᠬᠦᠨ ᠢ ᠬᠠᠩᠭᠠᠨ᠂ ᠮᠠᠨᠤᠰ ᠤᠨ ᠬᠠᠮᠢᠶ᠎ᠠ ᠪᠦᠬᠦᠢ ᠪᠦᠲᠦᠭᠡᠭᠳᠡᠬᠦᠨ ᠢᠶᠠᠨ ᠥᠷᠭᠡᠳᠬᠡᠬᠦ | ᠴᠢᠭᠯᠡᠯ ᠲᠠᠢ ᠮᠠᠰᠢ ᠵᠣᠬᠢᠴᠠᠨ᠎ᠠ︾ ᠭᠡᠵᠦ ᠶᠠᠷᠢᠵᠤ ᠪᠠᠶᠢᠯ᠎ᠠ᠃ | ᠰᠣᠶᠣᠯ ᠤᠨ ᠦᠵᠡᠰᠭᠦᠯᠡᠩ ᠤᠨ ᠴᠤᠭᠯᠠᠭᠠᠨ ᠨᠢ ᠦᠵᠡᠭᠦᠯᠭᠡ ᠶᠢᠨ ᠲᠠᠪᠴᠠᠩ ᠪᠤᠯᠬᠤ ᠪᠠᠷ ᠪᠠᠷᠠᠬᠤ ᠦᠭᠡᠢ᠂ ᠨᠡᠩ ᠴᠤ ᠤᠷᠠᠯᠢᠭ ᠤᠨ ᠰᠣᠯᠢᠯᠴᠠᠭᠠᠨ ᠤ ︽ | ᠳᠡᠰ ᠠᠴᠠ ᠳᠠᠪᠠᠭᠰᠠᠨ ᠬᠢᠴᠢᠶᠡᠯ ᠤᠨ ᠲᠠᠩᠬᠢᠮ︾ ᠪᠤᠯᠬᠤ ᠶᠤᠮ᠃ ᠦᠵᠡᠭᠦᠯᠭᠡ ᠳᠤ ᠣᠷᠣᠯᠴᠠᠬᠰᠠᠨ ᠵᠠᠷᠤᠳ ᠪᠠᠷ ᠵᠢᠷᠤᠭᠴᠢᠳ ᠡᠯ᠎ᠡ ᠭᠠᠵᠠᠷ ᠤᠨ ᠤᠷᠠᠯᠢᠭᠴᠢᠳ᠂ | ᠤᠷᠠᠯᠢᠭ ᠤᠨ ᠪᠠᠶᠢᠭᠤᠯᠤᠮᠵᠢ ᠯᠤᠭ᠎ᠠ ᠴᠢᠯᠦᠭᠡᠲᠡᠢ ᠶᠠᠷᠢᠯᠴᠠᠵᠤ᠂ ᠵᠣᠬᠢᠶᠠᠨ ᠪᠦᠲᠦᠭᠡᠯᠭᠡ ᠶᠢᠨ ᠣᠯᠣᠯᠲᠠ ᠲᠥᠷᠥᠭᠳᠡᠯ ᠢᠶᠠᠨ ᠬᠤᠪᠢᠶᠠᠯᠴᠠᠨ᠂ ᠤᠷᠠᠯᠢᠭ ᠤᠨ ᠦᠵᠡᠯᠲᠡ | ᠣᠶᠢᠯᠠᠭᠠᠭᠳᠠᠬᠤᠨ᠂ ᠵᠠᠬ᠎ᠠ ᠳᠡᠯᠭᠡᠭᠦᠷ ᠤᠨ ᠬᠠᠨᠳᠤᠰᠢ ᠶᠢᠨ ᠲᠤᠬᠠᠢ ᠦᠵᠡᠯ ᠪᠤᠳᠤᠯ ᠢᠶᠠᠨ ᠰᠣᠯᠢᠯᠴᠠᠵᠠᠭᠠᠪᠠ᠃ ᠡᠨᠡ ᠨᠢ ᠲᠡᠳᠡ ᠨᠠᠷ ᠲᠤ ᠴᠣ ᠰᠢᠨ᠎ᠡ ᠵᠣᠬᠢᠶᠠᠨ | ᠪᠦᠲᠦᠭᠡᠯᠭᠡ ᠶᠢᠨ ᠣᠩᠭᠤᠳ ᠣᠯᠭᠤᠬᠤ ᠨᠢ ᠳᠠᠮᠵᠢᠭ ᠦᠭᠡᠢ᠃ ᠵᠠᠷᠤᠳ ᠪᠠᠷ ᠵᠢᠷᠤᠭᠴᠢᠨ ᠴᠡᠯᠮᠡᠭ᠄ ︽ᠦᠵᠡᠰᠭᠦᠯᠡᠩ ᠳᠤ ᠣᠷᠣᠯᠴᠠᠬᠰᠠᠨ ᠨᠢ ᠨᠢᠭᠡ ᠤᠳᠠᠭᠠᠨ ᠤ | ᠬᠤᠪᠣᠷ ᠨᠠᠨᠳᠢᠨ ᠲᠣᠭᠢᠶᠠᠯ ᠪᠣᠯᠣᠨ᠎ᠠ᠂ ᠪᠢ ᠴᠦᠩᠴᠢᠩ᠂ ᠬᠠᠷᠠᠮᠥ᠋ᠷᠡᠨ ᠵᠡᠷᠭᠡ ᠭᠠᠵᠠᠷ ᠤᠨ ᠪᠠᠷ ᠵᠢᠷᠤᠭ ᠤᠨ ᠪᠦᠲᠦᠭᠡᠯ ᠢ ᠲᠣᠭᠤᠷᠢᠨ ᠦᠵᠡᠭᠡᠳ ᠮᠠᠰᠢ ᠶᠡᠭᠡ | ᠣᠯᠣᠯᠲᠠ ᠲᠠᠢ᠂ ᠲᠡᠳᠡᠭᠡᠷ ᠪᠦᠲᠦᠭᠡᠯ ᠨᠢ ᠮᠢᠨᠤ ᠮᠡᠳᠡᠯᠭᠡ ᠮᠡᠷᠭᠡᠵᠢᠯ ᠢ ᠳᠡᠭᠡᠭᠰᠢᠯᠡᠭᠦᠯᠦᠨ᠂ ᠬᠠᠷᠠᠭ᠎ᠠ ᠶᠢ ᠳᠡᠯᠡᠵᠤ᠂ ᠵᠣᠬᠢᠶᠠᠨ ᠪᠦᠲᠦᠭᠡᠯᠭᠡ ᠶᠢᠨ ᠣᠩᠭᠤᠳ ᠢ | ᠬᠥᠭᠵᠢᠭᠡᠪᠡ᠃ ᠬᠤᠶᠢᠰᠢᠳᠠ ᠪᠢ ︿ᠤᠮᠠᠷᠠᠲᠤ ᠬᠢᠯᠢ ᠶᠢᠨ ᠰᠣᠶᠣᠯ﹀ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠨᠡᠩ ᠤᠯᠠᠨ ᠤᠯᠠᠮᠵᠢᠯᠠᠭᠳᠠᠨ | ᠳᠡᠯᠭᠡᠷᠡᠵᠦ ᠴᠢᠳᠠᠬᠤ᠂ ᠦᠯᠡᠳᠡᠵᠦ ᠳᠡᠶᠢᠯᠭᠦ᠂ ᠨᠥᠯᠥᠭᠡᠯᠡᠬᠦ ᠬᠦᠴᠦᠨ ᠲᠠᠢ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠵᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ︾ ᠭᠡᠵᠦ ᠵᠣᠷᠢᠭ ᠢᠶᠠᠨ ᠢᠯᠡᠳᠬᠡᠵᠦ ᠪᠠᠶᠢᠪᠠ᠃ | ᠣᠶᠢᠷ᠎ᠠ ᠶᠢᠨ ᠵᠢᠯ ᠠᠴᠠ ᠨᠠᠭᠠᠰᠢ᠂ ᠵᠠᠷᠤᠳ ᠪᠠᠷ ᠵᠢᠷᠤᠭ ᠨᠢ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠳᠤ ᠵᠠᠯᠭᠠᠭ᠎ᠠ ᠪᠠᠷ ᠤᠷᠤᠯᠴᠠᠵᠤ᠂ ︽ | ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠤ ᠪᠤᠢ᠃ ᠲᠣᠰ ᠤᠳᠠᠭᠠᠨ ᠤ ᠰᠣᠶᠣᠯ ᠤᠨ | ᠦᠵᠡᠰᠭᠦᠯᠡᠩ ᠤᠨ ᠴᠤᠭᠯᠠᠭᠠᠨ ᠳᠠᠬᠢ ᠢᠯᠡᠷᠡᠯ ᠨᠢ ᠨᠢᠭᠡ ᠤᠳᠠᠭᠠᠨ ᠤ ᠰᠣᠶᠣᠯ ᠤᠨ ᠦᠵᠡᠭᠦᠯᠭᠡ ᠶᠢᠨ ᠦᠪᠡᠳᠡᠭᠰᠢ ᠳᠠᠶᠢᠯᠠᠯᠭ᠎ᠠ ᠪᠤᠯᠬᠤ ᠪᠠᠷ ᠪᠠᠷᠠᠬᠤ ᠦᠭᠡᠢ᠂ ᠨᠠᠩ | ᠴᠤ ᠤᠯᠠᠮᠵᠢᠯᠠᠯᠲᠤ ᠤᠷ᠎ᠠ ᠮᠡᠷᠭᠡᠵᠢᠯ ᠬᠢᠭᠡᠳ ᠣᠲᠣ ᠦᠶ᠎ᠡ ᠶᠢᠨ ᠠᠵᠤ ᠦᠢᠯᠡᠰ ᠤᠨ ︽ᠬᠤᠣᠰ ᠴᠢᠭᠯᠡᠯ ᠢᠶᠠᠷ ᠤᠷᠤᠭᠰᠢᠯᠠᠭᠰᠠᠨ︾ ᠠᠮᠢᠳᠤᠯᠢᠭ ᠦᠢᠯᠡᠳᠦᠯᠭᠡ | ᠪᠤᠯᠬᠤ ᠶᠤᠮ᠃ ᠬᠠᠮᠲᠤᠷᠠᠨ ᠠᠵᠢᠯᠯᠠᠬᠤ ᠰᠠᠨᠠᠮᠵᠢ ᠲᠣᠬᠢᠷᠠᠯᠴᠠᠬᠤ ᠪᠠ ᠰᠢᠨ᠎ᠡ ᠶᠢ ᠡᠭᠦᠳᠬᠦ ᠵᠠᠭᠪᠤᠷ ᠤᠨ ᠥᠷᠭᠡᠳᠬᠦ ᠶᠢ ᠳᠠᠭᠠᠯᠳᠤᠨ᠂ ᠬᠤᠷᠴᠢᠨ ᠤ ᠲᠠᠯ᠎ᠠ | ᠨᠤᠲᠤᠭ ᠠᠴᠠ ᠢᠷᠡᠭᠰᠡᠨ ᠡᠨᠡ ᠬᠦ ᠤᠷᠠᠯᠢᠭ ᠤᠨ ᠦᠨᠡᠲᠦ ᠡᠷᠳᠡᠨᠢ ᠨᠢ ᠴᠣ ᠰᠢᠨ᠎ᠡ ᠳᠦᠷᠢ ᠪᠠᠶᠢᠳᠠᠯ ᠢᠶᠠᠷ ᠢᠶᠠᠨ ᠳᠡᠯᠡᠬᠡᠢ ᠶᠢᠨ ᠲᠠᠪᠴᠠᠩ ᠳᠤ ᠭᠡᠷᠡᠯ ᠭᠢᠯᠪᠠᠭ᠎ᠠ ᠪᠠᠨ | ᠰᠠᠴᠤᠷᠠᠭᠤᠯᠵᠤ ᠪᠠᠶᠢᠨ᠎ᠠ᠃ ᠵᠠᠷᠤᠳ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠡᠷᠢᠭᠦᠯᠡᠭᠴᠢ ᠬ᠋᠊· ᠬᠥᠬᠡᠰᠢᠪᠠᠭᠤ᠄ ︽ᠡᠨᠡ ᠤᠳᠠᠭ᠎ᠠ | ᠤᠯᠤᠰ ᠤᠨ ᠳᠣᠲᠣᠭᠠᠳᠤ ᠶᠢᠨ 21 ᠪᠠᠶᠢᠭᠤᠯᠤᠮᠵᠢ ᠲᠠᠢ ᠵᠥᠪᠳᠡᠯᠴᠡᠭᠡᠷ ᠲᠣᠭᠲᠠᠭᠰᠠᠨ ᠨᠢ ᠮᠠᠰᠢ ᠣᠯᠠᠨ ᠵᠠᠭᠤᠴᠢᠯᠠᠭᠤᠷ ᠤᠨ ᠬᠢᠨ ᠤ ᠠᠩᠬᠠᠷᠤᠯ ᠢ ᠲᠠᠲᠠᠪᠠ᠃ ᠪᠢᠳᠡ | ᠯᠢᠤᠵᠸᠦ ᠪᠠᠷ ᠵᠢᠷᠤᠭ᠂ ᠶᠡᠭᠡ ᠬᠢᠩᠭᠠᠨ ᠳᠠᠪᠠᠭᠠᠨ ᠤ ᠪᠠᠷ ᠵᠢᠷᠤᠭ᠂ ᠱᠧᠨᠵᠧᠨ ᠤ ᠣᠯᠠᠨ ᠤᠯᠤᠰ ᠤᠨ ᠪᠠᠷ ᠵᠢᠷᠤᠭ ᠤᠨ ᠰᠠᠭᠤᠷᠢᠨ ᠵᠡᠷᠭᠡ ᠭᠠᠵᠠᠷ ᠠᠴᠠ ᠲᠡᠷᠢᠭᠦᠨ ᠤ | ᠵᠣᠬᠢᠶᠠᠨ ᠪᠦᠲᠦᠭᠡᠬᠦ ᠠᠷᠭ᠎ᠠ ᠪᠠ ᠲᠤᠷᠰᠢᠯᠭ᠎ᠠ ᠶᠢ ᠨᠢ ᠰᠤᠷᠤᠯᠴᠠᠪᠠ᠃ ᠲᠠᠷᠠᠭᠠᠴᠢ ᠪᠠᠷ᠂ ᠪᠢᠳᠡ AI ᠮᠡᠷᠭᠡᠵᠢᠯ ᠢ ᠣᠷᠣᠭᠤᠯᠤᠨ ᠠᠪᠴᠢᠷᠠᠵᠤ᠂ ᠵᠠᠷᠤᠳ ᠪᠠᠷ ᠵᠢᠷᠤᠭ ᠤᠨ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︕︾ ᠭᠡᠵᠦ ᠢᠲᠡᠭᠡᠯ ᠲᠡᠭᠦᠯᠳᠡᠷ ᠶᠠᠷᠢᠵᠤ ᠪᠠᠶᠢᠯ᠎ᠠ᠃ | ︵ᠭᠤᠸ᠎ᠠ ᠸᠠᠩ ᠱᠤᠸᠠᠩ ᠰᠢ︶ |